ᠮᠠᠨ ᠤ ᠣᠷᠣᠨ 3 ᠡᠳᠦᠷ ᠲᠤ 702.71 ᠲᠦᠮᠡᠨ ᠵᠢᠭᠤᠯᠴᠢᠯᠠᠭᠴᠢ ᠶᠢ ᠭᠥᠯᠢᠶᠡᠨ ᠠᠪᠴᠠᠢ
ᠨᠡᠶᠢᠲᠡᠯᠡᠭᠰᠡᠨ ᠴᠠᠭ᠄
2024/1/5
      2024 ᠣᠨ ᠤ ᠰᠢᠨ᠎ᠡ ᠵᠢᠯ ᠤᠨ ᠠᠮᠠᠷᠠᠯᠲᠠ ᠶᠢᠨ 3 ᠡᠳᠦᠷ ᠲᠤ ᠮᠠᠨ ᠤ ᠣᠷᠣᠨ ᠤᠯᠤᠰ ᠤᠨ ᠳᠣᠲᠣᠭᠠᠳᠤ ᠶᠢᠨ 702.71 ᠲᠦᠮᠡᠨ ᠵᠢᠭᠤᠯᠴᠢᠯᠠᠭᠴᠢ ︵ᠤᠳᠠᠭ᠎ᠠ︶ ᠶᠢ ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 246.4% ᠪᠠᠷ ᠨᠡᠮᠡᠭᠳᠡᠵᠦ᠂ ᠬᠠᠷᠢᠴᠠᠭᠤᠯᠵᠤ ᠪᠤᠯᠬᠤ ᠪᠠᠷᠢᠮᠵᠢᠶ᠎ᠠ ᠪᠠᠷ 2019 ᠣᠨ  ᠤ ᠠᠳᠠᠯᠢ ᠬᠤᠭᠤᠴᠠᠭᠠᠨ ᠤ ᠬᠢ ᠠᠴᠠ 176.8% ᠪᠠᠷ ᠨᠡᠮᠡᠭᠳᠡᠪᠡ; ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 44.08 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 370.89% ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 65.63%   ᠪᠠᠷ ᠨᠡᠮᠡᠭᠳᠡᠪᠡ᠃      ᠪᠦᠭᠦ ᠣᠷᠣᠨ ᠤ ᠡᠯ᠎ᠡ ᠭᠠᠵᠠᠷ ᠤᠨ ᠬᠢᠨ ︽ᠤᠮᠠᠷᠠᠲᠤ ᠬᠢᠯᠢ ᠶᠢᠨ ᠰᠣᠶᠣᠯ ᠢ ᠬᠥᠭᠵᠢᠭᠦᠯᠦᠨ ᠮᠠᠨᠳᠤᠭᠤᠯᠵᠤ ᠳᠤᠮᠳᠠᠳᠤ ᠶᠢᠨ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ︾ ᠲᠣᠭᠤᠷᠢᠨ ᠳᠤ ᠣᠯᠠᠨ ᠵᠦᠢᠯ ᠤᠨ ᠢᠯᠡ ᠲᠣᠳᠣ ᠣᠨᠴᠠᠯᠢᠭ ᠪᠦᠬᠦᠢ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠰᠢᠨ᠎ᠡ ᠭᠡᠯᠪᠡᠷᠢ᠂ ᠰᠢᠨ᠎ᠡ ᠬᠠᠯᠠᠮᠰᠢᠯ ᠴᠡᠭ ᠢᠶᠠᠷ ᠳᠠᠮᠵᠢᠨ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠢ ᠳᠠᠭᠤᠷᠢᠰᠤᠭᠤᠯᠵᠤ᠂ ᠤᠮᠠᠷᠠᠲᠤ ᠬᠢᠯᠢ  ᠶᠢᠨ ᠡᠬᠡ ᠭᠠᠵᠠᠷ ᠲᠤ ᠦᠨᠳᠦᠰᠦᠯᠡᠭᠰᠡᠨ ᠰᠢᠯᠢᠳᠡᠭ ᠰᠣᠶᠣᠯ ᠢ ᠤᠯᠠᠮ ᠬᠥᠭᠵᠢᠭᠡᠪᠡ᠃ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠯᠠᠮᠵᠢᠯᠠᠯᠲᠤ ᠵᠠᠭᠤᠴᠢᠯᠠᠭᠤᠷ ᠵᠢᠴᠢ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ  ᠢ ᠭᠦᠢᠴᠡᠳ ᠠᠰᠢᠭᠯᠠᠨ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠣᠯᠠᠨ ᠳᠡᠰ ᠳᠠᠪᠬᠤᠷᠭ᠎ᠠ ᠪᠠᠷ ᠪᠣᠰᠤᠭ᠎ᠠ ᠴᠣᠭᠴᠠᠵᠢᠭᠤᠯᠤᠨ ᠤᠬᠠᠭᠤᠯᠵᠤ᠂ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠵᠠᠮ ᠱᠤᠭᠤᠮ ᠪᠠ ᠦᠢᠯᠡᠳᠬᠦᠨ ᠢ ᠲᠠᠨᠢᠯᠴᠠᠭᠤᠯᠤᠨ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠭᠡᠵᠦ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠳᠬᠦᠨ ᠤ ᠠᠯᠳᠠᠷᠰᠢᠯ ᠢ ᠳᠡᠭᠡᠭᠰᠢᠯᠡᠭᠦᠯᠦᠨ᠂ ᠵᠢᠭᠤᠯᠴᠢᠯᠠᠯ ᠬᠢᠭᠡᠳ ᠪᠡᠶ᠎ᠡ ᠶᠢᠨ ᠲᠠᠮᠢᠷ᠂ ᠠᠷᠠᠳ ᠤᠨ ᠵᠠᠩ ᠵᠠᠩᠰᠢᠯ᠂ ᠬᠡᠭᠡᠷ᠎ᠡ ᠪᠠᠭᠤᠳᠠᠯᠯᠠᠬᠤ᠂ ᠬᠡᠭᠡᠷᠡᠯᠡᠬᠦ ᠵᠡᠷᠭᠡ ᠰᠢᠨ᠎ᠡ ᠭᠡᠯᠪᠡᠷᠢ ᠶᠢᠨ ᠵᠢᠭᠤᠯᠴᠢᠯᠠᠯ ᠤᠨ ᠡᠵᠡᠩᠨᠡᠯᠲᠡ ᠶᠢᠨ ᠭᠡᠯᠪᠡᠷᠢ ᠪᠠᠶᠢᠳᠠᠯ ᠢ ᠨᠠᠩ ᠪᠠᠶᠠᠯᠢᠭᠵᠢᠭᠤᠯᠵᠠᠢ᠃      ᠪᠦᠭᠦ ᠣᠷᠣᠨ ᠤ ᠡᠯ᠎ᠡ ᠭᠠᠵᠠᠷ ᠤᠨ ᠬᠢᠨ ᠤᠷᠠᠨ ᠰᠠᠶᠢᠬᠠᠨ ᠤ ᠲᠣᠬᠯᠠᠯᠲᠠ᠂ ᠳ᠋ᠧᠩ ᠤᠨ ᠦᠵᠡᠭᠦᠯᠭᠡ᠂ ᠪᠦᠭᠦ ᠠᠷᠠᠳ ᠤᠨ ᠤᠩᠰᠢᠯᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠵᠡᠷᠭᠡ ᠰᠢᠨ᠎ᠡ ᠣᠨ ᠢᠶᠠᠨ ᠤᠭᠲᠤᠬᠤ ᠣᠨᠴᠠᠯᠢᠭᠲᠤ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠡᠷᠭᠢᠯᠡᠪᠠ᠃ ᠢᠯᠠᠩᠭᠤᠶ᠎ᠠ ᠮᠥᠰᠥ ᠴᠠᠰᠤᠨ  ᠤ ᠵᠢᠭᠤᠯᠴᠢᠯᠠᠯ ᠤᠨ ᠢᠳᠡ ᠤᠯᠠᠷᠢᠯ ᠬᠦᠷᠴᠦ ᠢᠷᠡᠬᠦ ᠶᠢ ᠳᠠᠭᠠᠯᠳᠤᠨ ᠡᠯ᠎ᠡ ᠭᠠᠵᠠᠷ ᠡᠯ᠎ᠡ ᠦᠵᠡᠮᠵᠢ ᠶᠢᠨ ᠣᠷᠣᠨ  ᠨᠢ ᠮᠥᠰᠥ ᠴᠠᠰᠤᠨ ᠤ ᠦᠪᠡᠳᠡᠭᠰᠢ ᠳᠠᠶᠢᠯᠠᠯᠭ᠎ᠠ ᠵᠢᠴᠢ ᠰᠢᠨ᠎ᠡ ᠣᠨ ᠢ ᠤᠭᠲᠤᠬᠤ ᠭᠤᠶᠢᠳᠠ ᠰᠠᠶᠢᠬᠠᠨ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠰᠥᠪᠯᠡᠨ ᠶᠠᠪᠤᠭᠳᠠᠭᠤᠯᠤᠭᠰᠠᠨ ᠢᠶᠠᠷ ᠵᠢᠭᠤᠯᠴᠢᠯᠠᠬᠰᠠᠳ ᠪᠠ ᠲᠤᠬᠠᠢ ᠶᠢᠨ ᠭᠠᠵᠠᠷ ᠤᠨ ᠣᠯᠠᠨ ᠲᠦᠮᠡᠨ ᠤ ᠰᠣᠶᠣᠯ ᠤᠨ ᠠᠮᠢᠳᠤᠷᠠᠯ ᠤᠨ ᠣᠯᠠᠨ ᠡᠰᠢᠵᠢᠭᠰᠡᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠪᠠᠶᠠᠷ ᠪᠠᠶᠠᠰᠤᠯ ᠲᠠᠢ᠂ ᠥᠯᠵᠡᠢ ᠪᠡᠯᠭᠡ ᠲᠠᠢ᠂ ᠠᠮᠤᠷ ᠠᠮᠤᠭᠤᠯᠠᠩ ᠰᠢᠨ᠎ᠡ ᠣᠨ ᠤ ᠪᠠᠶᠠᠷ  ᠤᠨ ᠡᠳᠦᠷ ᠤᠨ ᠠᠭᠤᠷ ᠠᠮᠢᠰᠬᠤᠯ ᠢ ᠪᠤᠶ ᠪᠣᠯᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号