ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ ᠤᠨ ᠪᠦᠯᠬᠦᠮ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/8
      1 ᠳ᠋ᠦ᠋ᠭᠡᠷ ᠰᠠᠷ᠎ᠠ ᠶᠢᠨ 3 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ ᠤᠨ ᠪᠥᠯᠬᠦᠮ ᠤᠨ ᠳᠠᠷᠤᠭ᠎ᠠ ᠨᠠᠷ ᠤᠨ ᠬᠤᠷᠠᠯ ᠢ ᠬᠥᠯᠥᠨ ᠪᠤᠶᠢᠷ ᠬᠤᠲᠠᠨ᠎ᠠ ᠬᠤᠷᠠᠯᠳᠤᠭᠤᠯᠪᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠ ︽ᠠᠷᠪᠠᠨ ᠳᠥᠷᠪᠡᠳᠦᠭᠡᠷ ᠡᠪᠦᠯ︾ ᠤᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠪᠥᠯᠬᠦᠮ ᠤᠨ ᠳᠠᠷᠤᠭ᠎ᠠ ᠨᠠᠷ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ︽ᠠᠷᠪᠠᠨ ᠳᠥᠷᠪᠡᠳᠦᠭᠡᠷ ᠡᠪᠦᠯ︾ ᠤᠨ ᠪᠡᠯᠡᠳᠬᠡᠯ ᠠᠵᠢᠯ ᠤᠨ ᠠᠬᠢᠴᠠ ᠪᠠ ᠲᠥᠯᠥᠭᠡᠯᠡᠭᠴᠢᠳ ᠤᠨ ᠪᠦᠯᠬᠦᠮ ᠤᠨ ᠦᠢᠯᠡᠴᠢᠯᠡᠬᠦ᠂ ᠭᠥᠯᠢᠶᠡᠨ ᠠᠪᠬᠤ ᠳᠤ ᠨᠡᠶᠢᠳᠡᠮ ᠬᠡᠷᠡᠭᠯᠡᠬᠦ ᠲᠥᠷᠥ ᠶᠢᠨ ᠪᠣᠳᠣᠯᠭ᠎ᠠ ᠶᠢ ᠵᠠᠷᠯᠠᠨ ᠮᠡᠳᠡᠭᠳᠡᠪᠡ᠃ ᠣᠳᠣᠬᠠᠨ ᠳᠤ᠂ ︽ᠠᠷᠪᠠᠨ ᠳᠥᠷᠪᠡᠳᠦᠭᠡᠷ ᠡᠪᠦᠯ︾ ᠤᠨ ᠡᠯ᠎ᠡ ᠵᠦᠢᠯ ᠤᠨ ᠪᠡᠯᠡᠳᠬᠡᠯ ᠠᠵᠢᠯ ᠨᠢ ᠨᠢᠭᠡᠨᠲᠡ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠣᠯᠬᠤ᠂ ᠪᠦᠬᠦ ᠲᠠᠯ᠎ᠠ ᠪᠠᠷ ᠰᠢᠪᠲᠤᠯᠬᠤ ᠱᠠᠲᠤᠨ ᠳᠤ ᠪᠠᠨ ᠣᠷᠣᠯ᠎ᠠ᠃ ᠬᠥᠯᠥᠨ ᠪᠤᠶᠢᠷ ᠬᠤᠳᠠ ︽ᠳᠥᠭᠦᠮ ᠳᠥᠲᠡ᠂ ᠠᠮᠤᠷ ᠲᠦᠪᠰᠢᠨ᠂ ᠭᠤᠴᠣ ᠰᠠᠶᠢᠬᠠᠨ︾ ᠢᠶᠠᠷ ᠤᠷᠤᠯᠳᠤᠭᠠᠨ ᠡᠷᠬᠢᠯᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠤᠷ ᠲᠦᠪᠰᠢᠨ ᠢᠶᠠᠷ ᠤᠷᠤᠯᠳᠤᠭᠠᠨ ᠡᠷᠬᠢᠯᠡᠬᠦ ᠬᠤᠷᠢᠭ᠎ᠠ ᠱᠤᠭᠤᠮ ᠢ ᠡᠷᠡᠰ ᠰᠠᠬᠢᠵᠤ᠂ ᠤᠷᠤᠯᠳᠤᠭᠠᠨ ᠤ ᠰᠤᠷᠲᠠᠯ᠂ ᠰᠠᠬᠢᠯᠭ᠎ᠠ ᠪᠠᠲᠤ ᠬᠢᠭᠡᠳ ᠰᠡᠷᠭᠦᠭᠡᠰᠢ ᠡᠮ ᠢ ᠡᠰᠡᠷᠭᠦᠴᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠯᠥᠭᠡᠯᠡᠭᠴᠢᠳ ᠤᠨ ᠪᠦᠯᠬᠦᠮ ᠤᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠢᠭᠡ ᠬᠤᠭᠤᠴᠠᠭᠠᠨ ᠤ ᠲᠡᠭᠦᠰ ᠠᠮᠵᠢᠯᠲᠠ ᠲᠠᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠬᠠᠮᠲᠤ ᠪᠠᠷ ᠡᠷᠬᠢᠯᠡᠬᠦ ᠪᠠᠷ ᠪᠠᠶᠢᠨ᠎ᠠ᠃      ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠪᠦᠯᠬᠦᠮ ᠤᠳ ᠪᠠᠰᠠ ︽ᠠᠷᠪᠠᠨ ᠳᠥᠷᠪᠡᠳᠦᠭᠡᠷ ᠡᠪᠦᠯ︾ ᠤᠨ ᠤᠷᠤᠯᠳᠤᠭᠠᠨ ᠤ ᠲᠠᠯᠠᠪᠤᠷ ᠣᠷᠳᠣᠨ ᠪᠠ ᠠᠯᠪᠠᠨ ᠤ ᠵᠣᠴᠢᠯᠠᠬᠤ ᠪᠠᠭᠤᠳᠠᠯ ᠢ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号