ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ᠄ ᠴᠢᠨᠠᠷ ᠰᠠᠶᠢᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/1/9
      ︽ᠥᠩᠭᠡᠷᠡᠭᠰᠡᠨ ᠳᠤ ᠠᠳᠡ ᠡᠯᠳᠡᠪ ᠡᠪᠡᠰᠦ ᠪᠠᠭᠰᠢᠷᠠᠨ ᠤᠷᠭᠤᠵᠤ᠂ ᠬᠤᠭ ᠨᠣᠪᠰᠢ ᠭᠠᠵᠠᠷ ᠪᠣᠯᠭᠠᠨ ᠳᠤ ᠬᠠᠷᠠᠭᠳᠠᠳᠠᠭ ᠪᠠᠶᠢᠭᠰᠠᠨ ᠠᠴᠠ ᠣᠳᠣ ᠰᠡᠯᠡᠭᠦᠴᠡᠨ ᠠᠯᠬᠤᠵᠤ᠂ ᠪᠡᠶ᠎ᠡ ᠪᠣᠯᠪᠠᠰᠤᠷᠠᠵᠤ᠂ ᠶᠠᠳᠠᠷᠠᠪᠠᠯ ᠪᠠᠰᠠ ᠰᠠᠭᠤᠭᠠᠳ ᠠᠮᠠᠷᠠᠵᠤ ᠪᠣᠯᠣᠨ᠎ᠠ᠂ ᠬᠠᠭᠤᠴᠢᠨ ᠵᠡᠷᠭᠡᠯᠡᠳᠡᠭᠡ ᠠᠶᠢᠯ ᠤᠨ ᠬᠢᠨ ᠲᠠᠢ ᠪᠠᠨ ᠬᠥᠵᠥᠷ ᠲᠣᠭᠯᠠᠵᠤ᠂ ᠵᠣᠭᠤᠭᠳᠠᠪᠠᠯ ᠰᠡᠷᠢᠭᠦᠴᠡᠬᠦ ᠮᠥᠷᠲᠡᠭᠡᠨ ᠵᠡᠭᠡᠯᠢ ᠶᠢᠨ ᠦᠵᠡᠮᠵᠢ ᠶᠢ ᠰᠣᠨᠢᠷᠬᠠᠵᠤ ᠪᠣᠯᠣᠨ᠎ᠠ᠂ ᠡᠨᠡ ᠪᠣᠯ ᠮᠠᠰᠢ ᠰᠠᠶᠢᠨ ᠶᠠᠪᠤᠳᠠᠯ ᠶᠤᠮ︾᠃ ᠭᠡᠷ ᠤᠨ ᠡᠭᠦᠳᠡᠨ ᠳᠤ ᠰᠢᠨ᠎ᠡ ᠪᠠᠷ ᠪᠠᠶᠢᠭᠤᠯᠤᠭᠰᠠᠨ ᠬᠠᠷᠮᠠᠨ ᠴᠡᠴᠡᠷᠯᠢᠭ ᠤᠨ ᠲᠤᠬᠠᠢ ᠶᠠᠷᠢᠬᠤ ᠳᠤ ᠸᠠᠩ ᠡᠵᠢ ᠨᠢᠭᠡ ᠯᠡ ᠬᠥᠭ ᠢᠶᠠᠷ ᠲᠣᠯᠣᠭᠠᠢ ᠳᠣᠬᠢᠨ ᠮᠠᠭᠲᠠᠨ᠎ᠠ᠃      ᠪᠠᠭ᠎ᠠ ᠴᠠᠰᠤ ᠲᠠᠢ ᠦᠶ᠎ᠡ ᠳᠤ᠂ ᠠᠭᠤᠷ ᠠᠮᠢᠰᠬᠤᠯ ᠭᠡᠨᠡᠳᠲᠡ ᠳᠣᠷᠣᠭᠰᠢᠯᠠᠵᠤ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠥᠬᠡᠬᠤᠲᠠ ᠶᠢᠨ ᠪᠣᠯᠣᠳ ᠲᠡᠮᠦᠷ ᠤᠨ ᠺᠣᠮᠫᠠᠨᠢ ᠶᠢᠨ ᠬᠤᠷᠢᠶᠠᠯᠠᠯ ᠳᠤ 67 ᠨᠠᠰᠤᠲᠠᠢ ᠸᠠᠩ ᠡᠵᠢ ᠪᠣᠯᠣᠨ ᠬᠡᠳᠦᠨ ᠬᠠᠭᠤᠴᠢᠨ ᠵᠡᠷᠭᠡᠯᠡᠳᠡᠭᠡ ᠠᠶᠢᠯ ᠤᠨ ᠬᠢᠨ ᠮᠥᠨ ᠯᠡ ᠪᠣᠯᠵᠤᠭ᠎ᠠ ᠶᠣᠰᠣᠭᠠᠷ ᠭᠡᠷ ᠤᠨ ᠢᠶᠠᠨ ᠡᠭᠦᠳᠡᠨ ᠳᠠᠬᠢ ᠬᠠᠷᠮᠠᠨ ᠴᠡᠴᠡᠷᠯᠢᠭ ᠲᠤ ᠢᠷᠡᠵᠦ᠂ ᠰᠡᠯᠡᠭᠦᠴᠡᠨ ᠠᠯᠬᠤᠬᠤ᠂ ᠪᠡᠶ᠎ᠡ ᠪᠠᠨ ᠴᠢᠭᠢᠷᠠᠭᠵᠢᠭᠤᠯᠬᠤ᠂ ᠬᠡᠦᠬᠡᠳ ᠢᠶᠠᠨ ᠳᠠᠭᠠᠭᠤᠯᠬᠤ᠂ ᠵᠣᠭᠤᠭᠳᠠᠬᠤ ᠪᠠᠷ ᠬᠦᠷᠦᠯᠴᠡᠨ ᠢᠷᠡᠵᠠᠢ᠃      ᠡᠨᠡ ᠵᠢᠯ ᠠᠴᠠ ᠨᠠᠰᠢ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ︽ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ︾ ᠢᠶᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠤ ᠣᠯᠠᠨ ᠲᠠᠰ ᠳᠠᠪᠬᠤᠷᠭ᠎ᠠ᠂ ᠣᠯᠠᠨ ᠡᠰᠢᠴᠢᠯᠡᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂︽ᠬᠤᠲᠠ ᠶᠢᠨ ᠪᠡᠶ᠎ᠡ ᠶᠢᠨ ᠪᠠᠶᠢᠴᠠᠭᠠᠯᠲᠠ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠤᠲᠠ ᠶᠢᠨ ᠰᠢᠨᠡᠴᠢᠯᠡᠯᠲᠡ ᠶᠢ ᠠᠬᠢᠭᠤᠯᠵᠤ᠂ ᠬᠤᠲᠠ ᠶᠢᠨ ︽ᠥᠨᠳᠥᠷ ᠦᠨ᠎ᠡ ᠥᠷᠲᠡᠭ︾ ᠢᠶᠠᠷ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠪᠡ᠃      ᠬᠤᠲᠠ ᠶᠢᠨ ︽ᠬᠢᠯᠭᠠᠰᠤᠨ ᠰᠤᠳᠠᠯ︾ ᠢ ᠨᠠᠪᠲᠠᠷᠡᠭᠦᠯᠵᠦ᠂︽ᠪᠢᠴᠢᠯ ᠡᠷᠭᠢᠯᠲᠡ︾ ᠶᠢ ᠨᠠᠩ ᠰᠠᠭᠠᠳ ᠦᠭᠡᠢ ᠪᠣᠯᠭᠠᠨ᠎ᠠ
     ᠠᠷᠤ ᠵᠡᠭᠡᠯᠢ ᠵᠢᠵᠢᠭ ᠭᠤᠳᠤᠮᠵᠢ ᠨᠢ ᠬᠤᠳᠠ ᠶᠢᠨ ᠵᠠᠮ ᠤᠨ ︽ᠬᠢᠯᠭᠠᠰᠤᠨ ᠰᠤᠳᠠᠯ︾ ᠪᠣᠯᠤᠭᠰᠠᠨ ᠤ ᠬᠤᠪᠢ ᠳᠤ᠂ ᠲᠦᠭ ᠲᠦᠮᠡᠨ ᠠᠶᠢᠯ ᠡᠷᠤᠭᠡ ᠶᠢ ᠬᠤᠯᠪᠣᠵᠤ ᠪᠠᠶᠢᠳᠠᠭ᠃ ᠠᠷᠤ ᠵᠡᠭᠡᠯᠢ ᠵᠢᠵᠢᠭ ᠭᠤᠳᠤᠮᠵᠢ ᠶᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠪᠠᠭ᠎ᠠ ᠪᠣᠯᠪᠠᠴᠤ ᠦᠨᠡᠨ ᠪᠣᠳᠠᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠬᠤᠲᠣᠩᠴᠤᠳ ᠤᠨ ᠲᠣᠭᠤᠷᠢᠭ ᠤᠨ ᠬᠢᠨ ᠬᠤᠲᠠ ᠶᠢᠨ ᠶᠠᠪᠤᠳᠠᠯ ᠤᠨ ᠵᠠᠮ ᠤᠨ ︽ᠬᠢᠯᠭᠠᠰᠤᠨ ᠰᠤᠳᠠᠯ︾ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠶᠢᠨ ᠰᠠᠭᠤᠷᠢ ᠲᠥᠬᠦᠭᠡᠷᠦᠮᠵᠢ ᠶᠢ ᠰᠢᠯᠢᠳᠡᠭᠵᠢᠭᠦᠯᠵᠦ᠂ ᠬᠤᠲᠠ ᠶᠢᠨ ᠳᠠᠭᠠᠭᠠᠴᠠ ᠶᠢ ᠶᠡᠬᠡᠪᠡᠷ ᠳᠡᠭᠡᠭᠰᠢᠯᠡᠭᠦᠯᠵᠡᠢ᠃
     ᠡᠨᠡ ᠵᠢᠯ ᠬᠤᠲᠣᠩ ᠠᠷᠠᠳ ᠤᠨ ᠲᠣᠭᠤᠷᠢᠭ ᠤᠨ 30 ᠵᠡᠭᠡᠯᠢ ᠭᠤᠳᠤᠮᠵᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ᠂ ᠰᠢᠨ᠎ᠡ ᠪᠠᠷ ᠥᠩᠭᠡᠷᠡᠬᠦ ᠠᠷᠪᠠᠨ ᠨᠠᠢᠮᠠᠳᠤᠭᠠᠷ ᠵᠠᠮ ᠵᠡᠷᠭᠡ 7 ᠲᠠᠰᠤᠷᠬᠠᠢ ᠵᠠᠮ ᠢ ᠨᠠᠪᠲᠠᠷᠡᠭᠦᠯᠵᠦ᠂ ᠵᠠᠮ ᠤᠨ ᠡᠷᠬᠢᠨ ᠲᠣᠭᠤᠷᠢᠨ ᠤ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠵᠤ᠂ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ ᠠᠷᠤ ᠵᠡᠭᠡᠯᠢ ᠵᠢᠵᠢᠭ ᠭᠤᠳᠤᠮᠵᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠢᠨ ᠬᠠᠮᠲᠤ᠂ ᠴᠢᠩᠭᠢᠰ ᠬᠠᠭᠠᠨ ᠪᠠᠷᠠᠭᠤᠨ ᠵᠡᠭᠡᠯᠢ᠂ ᠠᠵᠢᠯᠴᠢᠨ ᠲᠠᠷᠢᠶᠠᠴᠢᠨ ᠴᠡᠷᠢᠭ ᠤᠨ ᠵᠠᠮ᠂ ᠠᠵᠢᠷᠠᠴᠢᠨ ᠵᠠᠮ᠂ ᠰᠢᠶᠠᠨ ᠹᠦ᠋ ᠵᠡᠭᠡᠯᠢ᠂ ᠨᠢᠦ ᠵᠢᠶᠧ ᠵᠡᠭᠡᠯᠢ᠂ ᠭᠤᠸᠠᠩ ᠮᠢᠩ ᠶᠡᠭᠡ ᠵᠡᠭᠡᠯᠢ᠂ ᠶᠡᠭᠡ ᠰᠤᠷᠭᠠᠭᠤᠯᠢ ᠶᠢᠨ ᠪᠠᠷᠠᠭᠤᠨ ᠵᠡᠭᠡᠯᠢ ᠵᠡᠷᠭᠡ ᠲᠤᠯᠤᠭᠠᠨ ᠵᠤᠷᠪᠤᠰ ᠵᠠᠮ ᠢ ᠲᠣᠰ ᠲᠣᠰ ᠳᠡᠭᠡᠭᠰᠢᠯᠡᠭᠦᠯᠦᠨ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ︔ 935 ᠮᠧᠲᠷ ᠤᠨ ᠵᠠᠮ ᠤᠨ ᠣᠷᠳᠣ ᠪᠦᠬᠦᠢ ᠬᠢᠮᠢ ᠶᠢᠨ ᠦᠢᠯᠡᠳᠪᠦᠷᠢ ᠶᠢᠨ ᠪᠠᠷᠠᠭᠤᠨ ᠵᠠᠮ ︵ᠴᠢᠩ ᠺᠠᠢ ᠵᠡᠭᠡᠯᠢ ᠠᠴᠠ ᠰᠢᠶᠠᠨ ᠹᠦ᠋ ᠵᠡᠭᠡᠯᠢ ᠬᠦᠷᠬᠦ︶᠂ ᠶᠢᠨ ᠳ᠋ᠢ ᠵᠡᠭᠦᠨ ᠭᠤᠳᠤᠮᠵᠢ ︵ᠴᠢᠩ ᠺᠠᠢ ᠵᠡᠭᠡᠯᠢ ᠠᠴᠠ ᠶᠢᠨ ᠳ᠋ᠢ ᠡᠮᠦᠨ᠎ᠡ ᠭᠤᠳᠤᠮᠵᠢ ᠬᠦᠷᠬᠦ︶ ᠶᠢᠨ ᠶᠢᠨ ᠳ᠋ᠢ ᠵᠡᠭᠡᠯᠢ ᠶᠢᠨ ᠡᠷᠬᠢᠨ ᠲᠣᠭᠤᠷᠢᠨ ᠤ ᠰᠢᠨ᠎ᠡ ᠪᠠᠷ ᠪᠠᠶᠢᠭᠤᠯᠬᠤ ᠵᠠᠮ ᠤᠨ ᠢᠨᠵᠧᠨᠧᠷᠢᠩ ᠢ ᠬᠡᠷᠡᠭᠵᠢᠭᠦᠯᠦᠨ᠎ᠡ︔ ᠵᠧᠨ ᠬᠤᠸᠠ ᠠᠭᠤᠳᠠᠮ ᠲᠠᠯᠠᠪᠠᠶ ᠶᠢᠨ U ᠬᠡᠯᠪᠡᠷᠢ ᠶᠢᠨ ᠭᠤᠳᠤᠮᠵᠢ ᠶᠢᠨ ᠰᠢᠯᠢ ᠶᠢᠨ ᠭᠤᠣᠯ ᠵᠠᠮ ᠠᠴᠠ ᠤᠯᠠᠭᠠᠨᠴᠠᠲ ᠪᠠᠷᠠᠭᠤᠨ ᠵᠡᠭᠡᠯᠢ ᠬᠦᠷᠬᠦ ᠪᠥᠬᠦ ᠣᠷᠳᠣ ᠨᠢ 596 ᠮᠧᠲᠷ ᠤᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︔ ᠭᠤᠸᠠᠩ ᠮᠢᠩ ᠶᠡᠭᠡ ᠵᠡᠭᠡᠯᠢ ᠶᠢᠨ ᠰᠢᠯᠢ ᠶᠢᠨ ᠭᠤᠣᠯ ᠵᠠᠮ ᠠᠴᠠ ᠭᠦᠸᠧ ᠶᠤᠸᠠᠨ ᠪᠠᠷᠠᠭᠤᠨ ᠵᠠᠮ ᠤᠨ ᠣᠷᠳᠣ ᠪᠣᠯᠬᠤ 1966 ᠮᠧᠲᠷ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︔ 2023 ᠣᠨ ᠤ ᠬᠠᠶᠢᠮᠢᠶᠠᠨ ᠬᠤᠳᠠ ᠶᠢᠨ ᠵᠠᠮ ᠵᠢᠴᠢ ᠪᠣᠷᠣᠭᠠᠨ ᠪᠠ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠢᠨᠵᠧᠨᠧᠷᠢᠩ ᠢ ᠬᠡᠷᠡᠭᠵᠢᠭᠦᠯᠦᠨ᠎ᠡ᠃ ᠲᠣᠰ ᠢᠨᠵᠧᠨᠧᠷᠢᠩ ᠤᠨ ᠰᠢᠨ᠎ᠡ ᠪᠠᠷ ᠪᠠᠶᠢᠭᠤᠯᠤᠭᠰᠠᠨ ᠵᠠᠮ ᠤᠨ ᠣᠷᠳᠣ ᠨᠢ 2489.5 ᠮᠧᠲᠷ ᠪᠠᠶᠢᠵᠤ᠂ ᠵᠠᠮ ᠤᠨ ᠳ᠋ᠧᠩ᠂ ᠪᠣᠷᠣᠭᠠᠨ ᠤ ᠪᠣᠬᠢᠷᠲᠤᠯ ᠤᠨ ᠬᠤᠭᠤᠯᠠᠢ ᠶᠢᠨ ᠲᠣᠣᠷ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ︔ ᠡᠭᠦᠨ ᠤ ᠬᠠᠮᠲᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠬᠡᠷᠡᠭᠰᠡᠬᠦ ᠰᠢᠷᠣᠢ ᠶᠢᠨ ᠵᠣᠷ᠂ ᠪᠠᠶᠢᠴᠠᠭᠠᠬᠤ ᠬᠤᠳᠳᠤᠭ᠂ ᠵᠠᠮ ᠬᠠᠷᠢᠯᠴᠠᠭᠠᠨ ᠤ ᠲᠡᠮᠳᠡᠭ ᠵᠢᠷᠤᠭᠠᠰᠤ᠂ ᠳᠤᠬᠢᠶᠠᠨ ᠳ᠋ᠧᠩ᠂ ᠴᠠᠬᠢᠯᠭᠠᠨ ᠲᠦᠭᠡᠭᠡᠬᠦ᠂ ᠶᠠᠪᠠᠭᠠᠨ ᠬᠥᠮᠥᠨ ᠤ ᠵᠠᠮ ᠤᠨ ᠮᠣᠳᠣ ᠶᠢ ᠨᠣᠭᠤᠭᠠᠷᠠᠭᠤᠯᠬᠤ ᠵᠡᠷᠭᠡ ᠲᠤᠰᠠᠯᠠᠬᠤ ᠲᠥᠬᠦᠭᠡᠷᠦᠮᠵᠢ ᠶᠢ ᠪᠠᠶᠢᠭᠤᠯᠬᠤ; ᠰᠢᠶᠣᠣ ᠹᠦ᠋ ᠵᠠᠮ᠂ ᠨᠢᠦ ᠵᠢᠶ᠋ᠧ ᠵᠡᠭᠡᠯᠢ᠂ ᠳ᠋ᠦᠩ ᠬᠤᠩ ᠴᠢᠶᠣᠤ ᠵᠡᠭᠡᠯᠢ ᠶᠢᠨ ᠪᠣᠷᠣᠭᠠᠨ ᠤ ᠪᠣᠬᠢᠷᠲᠤᠯ ᠢ ᠰᠠᠯᠭᠠᠬᠤ ᠢᠨᠵᠧᠨᠧᠷᠢᠩ ᠢ ᠬᠡᠷᠡᠭᠵᠢᠭᠦᠯᠦᠨ᠎ᠡ᠃      ᠬᠤᠳᠠ ᠶᠢᠨ ᠵᠠᠮ ᠬᠠᠷᠢᠯᠴᠠᠭᠠᠨ ᠤ ︽ᠭᠤᠣᠯ ᠰᠤᠳᠠᠰᠤ︾ ᠲᠠᠰᠤᠷᠠᠯᠳᠡ ᠦᠭᠡᠢ ᠥᠷᠭᠡᠳᠴᠦ᠂︽ᠮᠤᠬᠤᠷ ᠵᠠᠮ︾ ᠲᠠᠰᠤᠷᠠᠯᠳᠡ ᠦᠭᠡᠢ ᠨᠡᠪᠲᠡᠷᠡᠵᠦ᠂ ᠬᠤᠳᠠ ᠶᠢᠨ ᠭᠤᠣᠯ ᠳᠡᠳ᠋ ᠵᠠᠮ ᠤᠨ ︽ᠬᠤᠯᠪᠣᠯᠳᠤᠨ ᠨᠡᠪᠲᠡᠷᠡᠯᠴᠡᠬᠦ︾ ᠶᠢ ᠪᠡᠶᠡᠯᠡᠭᠦᠯᠵᠡᠢ᠁ ᠡᠳᠦᠭᠡ ᠬᠤᠲᠣᠩ ᠠᠷᠠᠳ ᠤᠨ ᠲᠣᠭᠤᠷᠢᠭ ᠲᠤ᠂ ᠬᠤᠳᠠ ᠶᠢᠨ ᠵᠠᠮ ᠤᠨ ᠲᠣᠣᠷ ᠨᠡᠩ ᠲᠡᠭᠦᠯᠳᠡᠷᠵᠢᠵᠦ᠂ ᠬᠤᠳᠠ ᠶᠢᠨ ᠠᠷᠠᠳ ᠤᠨ ᠶᠠᠪᠤᠵᠤ ᠰᠠᠭᠤᠬᠤ ᠵᠠᠮ ᠨᠡᠩ ᠪᠠᠶᠠᠯᠢᠭᠵᠢᠵᠠᠢ᠃ ᠬᠥᠨᠳᠡᠯᠡᠨ ᠭᠤᠯᠳᠤ ᠰᠦᠯᠵᠢᠯᠳᠦᠭᠰᠡᠨ ᠵᠠᠮ ᠤᠨ ᠲᠣᠣᠷ ᠨᠢ ᠰᠠᠭᠤᠷᠢᠰᠢᠬᠤ ᠳᠤ ᠲᠣᠬᠢᠷᠠᠮᠵᠢᠲᠠᠢ ᠠᠵᠢᠯ ᠦᠢᠯᠡᠰ ᠵᠤᠭᠠᠴᠠᠬᠤ ᠳᠤ ᠲᠣᠬᠢᠷᠠᠮᠵᠢᠲᠠᠢ ᠥᠨᠳᠥᠷ ᠶᠠᠰᠤ ᠴᠢᠨᠠᠷ ᠲᠠᠢ ᠬᠤᠲᠣᠩ ᠠᠷᠠᠳ ᠤᠨ ᠲᠣᠭᠤᠷᠢᠭ ᠢ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃      ᠬᠠᠷᠮᠠᠨ ᠴᠡᠴᠡᠷᠯᠢᠭ᠂ ᠣᠯᠠᠨ ᠲᠦᠮᠡᠨ ᠳᠤ ᠡᠭᠦᠳᠡ ᠪᠠᠷ ᠭᠠᠷᠤᠮᠠᠭᠴᠠ ᠴᠡᠴᠡᠷᠯᠢᠭ ᠲᠤ ᠣᠷᠣᠨ᠎ᠠ
     ᠬᠤᠲᠠ ᠶᠢᠨ ᠬᠡᠰᠡᠭ ᠪᠤᠰᠠᠭ ᠨᠡᠭᠡᠭᠡᠯᠲᠡ ᠲᠠᠢ ᠣᠷᠣᠨ ᠵᠠᠢ ᠶᠢ ᠠᠰᠢᠭᠯᠠᠨ ᠪᠠᠶᠢᠭᠤᠯᠤᠭᠰᠠᠨ ︽ᠬᠠᠷᠮᠠᠨ ᠴᠡᠴᠡᠷᠯᠢᠭ︾ ᠨᠢ ᠨᠢᠭᠡᠨᠲᠡ ᠬᠤᠲᠠ ᠶᠢᠨ ᠠᠷᠠᠳ ᠤᠨ ᠬᠥᠳᠡᠯᠭᠡᠭᠡᠨ ᠰᠡᠯᠡᠭᠦᠴᠡᠯ᠂ ᠰᠣᠶᠣᠯ ᠴᠡᠩᠭᠡᠯ ᠤᠨ ᠬᠤᠲᠠ ᠶᠢᠨ ︽ᠰᠢᠨ᠎ᠡ ᠵᠣᠴᠢᠨ ᠤ ᠥᠷᠥᠭᠡ︾ ᠪᠣᠯᠤᠭᠰᠠᠨ ᠪᠠᠶᠢᠨ᠎ᠠ᠃ ᠬᠤᠳᠤᠩ ᠠᠷᠠᠳ ᠤᠨ ᠲᠣᠭᠤᠷᠢᠭ ᠲᠤ᠂ ᠡᠶᠢᠨᠬᠦ ︽ᠬᠠᠷᠮᠠᠨ ᠴᠡᠴᠡᠷᠯᠢᠭ︾ ᠵᠡᠭᠡᠯᠢ ᠭᠤᠳᠤᠮᠵᠢ ᠪᠠᠷ ᠪᠠᠷᠤᠭ ᠲᠦᠭᠡᠵᠦ ᠪᠠᠶᠢᠯ᠎ᠠ᠃      ᠬᠤᠲᠠ ᠶᠢᠨ ᠨᠣᠭᠤᠭᠠᠷᠠᠭᠤᠯᠤᠯᠲᠠ ᠶᠢᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ᠠᠷᠠᠳ ᠢᠷᠭᠡᠳ ᠤᠨ ᠳᠡᠷᠭᠡᠳᠡᠬᠢ ᠣᠶ ᠮᠣᠳᠣ ᠶᠢ ᠣᠯᠠᠰᠢᠷᠠᠭᠤᠯᠤᠨ᠂ ᠭᠤᠶᠣ ᠰᠠᠶᠢᠬᠠᠨ ᠪᠣᠯᠭᠠᠵᠤ᠂ ᠣᠶᠢᠷ᠎ᠠ ᠶᠢᠨ ᠵᠢᠯ ᠳᠤ᠂ ᠬᠤᠳᠤᠩ ᠠᠷᠠᠳ ᠤᠨ ᠲᠣᠭᠤᠷᠢᠭ ᠤᠨ ᠬᠢᠨ ᠣᠷᠣᠨ ᠪᠦᠰᠡ ᠶᠢᠨ ᠦᠵᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠪᠠᠷ ᠠᠵᠠ ᠲᠣᠬᠢᠶᠠᠯ ᠪᠣᠯᠭᠠᠵᠤ᠂︽ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠴᠡᠴᠡᠷᠯᠢᠭ ᠤᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠳᠡᠭᠡᠭᠰᠢᠯᠡᠭᠦᠯᠬᠦ᠂ ᠬᠥᠮᠥᠨ ᠰᠣᠶᠣᠯ ᠤᠨ ᠳᠦᠷᠢ ᠲᠥᠷᠬᠦ ᠶᠢᠨ ᠣᠨᠴᠠᠯᠢᠭ ᠢ ᠢᠯᠡᠷᠡᠭᠦᠯᠬᠦ᠂ ᠬᠤᠲᠠ ᠶᠢᠨ ᠠᠷᠠᠳ ᠤᠨ ᠵᠤᠭᠠᠴᠠᠯ ᠤᠨ ᠬᠡᠷᠡᠭᠴᠡᠭᠡ ᠶᠢ ᠬᠠᠩᠭᠠᠬᠤ︾ ᠪᠠᠷ ᠬᠠᠷᠠᠯᠲᠠ ᠪᠣᠯᠭᠠᠨ ᠪᠦᠲᠦᠭᠡᠨ ᠪᠠᠶᠢᠭᠤᠯᠵᠤ᠂ ᠬᠤᠲᠠ ᠬᠥᠳᠡᠭᠡ ᠶᠢᠨ ᠥᠨᠴᠥᠭ ᠪᠤᠯᠤᠩ ᠤᠨ ᠣᠷᠣᠨ ᠵᠠᠢ ᠶᠢ ᠠᠰᠢᠭᠯᠠᠨ᠂ ᠨᠢᠭᠡ ᠪᠦᠯᠦᠭ ᠬᠠᠷᠮᠠᠨ ᠴᠡᠴᠡᠷᠯᠢᠭ᠂ ᠨᠡᠶᠢᠭᠡᠮ ᠲᠣᠭᠤᠷᠢᠭ ᠤᠨ ᠵᠤᠭᠠᠴᠠᠯ ᠤᠨ ᠬᠦᠷᠢᠶᠡᠯᠡᠩ᠂ ᠡᠪᠡᠰᠦᠲᠦ ᠲᠠᠯ᠎ᠠ ᠶᠢᠨ ᠵᠡᠭᠡᠯᠢ ᠲᠣᠭᠤᠷᠢᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠵᠦ᠂ ᠥᠪᠡᠷᠮᠢᠴᠡ ᠣᠨᠴᠠᠯᠢᠭ ᠲᠠᠢ ᠠᠮᠠᠷᠠᠯᠲᠠ ᠶᠢᠨ ᠣᠷᠣᠨ ᠵᠠᠢ ᠶᠢ ᠨᠠᠷᠢᠯᠢᠭ ᠪᠣᠶ ᠪᠣᠯᠭᠠᠵᠤ᠂ ᠠᠷᠠᠳ ᠢᠷᠭᠡᠳ ᠤᠨ ︽ᠵᠢᠵᠢᠭ ᠮᠥᠷᠲᠡᠭᠡᠨ ᠨᠠᠷᠢᠯᠢᠭ︾ ᠡᠳᠦᠷ ᠪᠦᠷᠢ ᠶᠢᠨ ᠰᠡᠯᠡᠭᠦᠴᠡᠯ᠂ ᠪᠣᠯᠪᠠᠰᠤᠷᠠᠯ ᠤᠨ ︽ᠰᠦᠯᠵᠢᠶᠡᠨ ᠤ ᠰᠣᠳᠣᠨ ᠭᠠᠵᠠᠷ︾ ᠢ ᠪᠦᠲᠦᠭᠡᠨ ᠪᠠᠶᠢᠭᠤᠯᠤᠨ᠎ᠠ᠃
     ᠴᠣᠩᠬᠤ ᠪᠠᠨ ᠨᠡᠭᠡᠭᠡᠮᠡᠭᠴᠡ ᠴᠡᠯᠡᠭᠡᠷ ᠴᠡᠯᠡᠭᠡᠷ ᠬᠠᠷᠠᠭᠳᠠᠨ᠎ᠠ᠂ ᠭᠡᠷ ᠠᠴᠠ ᠪᠠᠨ ᠭᠠᠷᠤᠮᠠᠭᠴᠠ ᠴᠡᠴᠡᠷᠯᠢᠭ ᠲᠤ ᠣᠷᠣᠨ᠎ᠠ᠃ ᠨᠢᠳᠤᠨᠤᠨ ᠴᠢᠩ ᠺᠠᠢ ᠶᠢᠨ ᠵᠤᠭᠠᠴᠠᠯ ᠤᠨ ᠬᠦᠷᠢᠶᠡᠯᠡᠩ ᠵᠡᠷᠭᠡ 55 ᠤᠭᠤᠲᠠ ᠴᠡᠴᠡᠷᠯᠢᠭ᠂ ᠪᠦᠯᠬᠦᠮᠳᠡᠯ ᠠᠭᠤᠳᠠᠮ ᠲᠠᠯᠠᠪᠠᠢ ᠵᠡᠷᠭᠡ 2 ᠵᠡᠭᠡᠯᠢ ᠭᠤᠳᠤᠮᠵᠢ ᠶᠢᠨ ᠦᠵᠡᠮᠵᠢ ᠶᠢᠨ ᠴᠡᠴᠡᠭᠯᠢᠭ ᠢ ᠪᠠᠶᠢᠭᠤᠯᠵᠤ᠂ ᠬᠥᠬᠡᠬᠤᠲᠠ ᠠᠴᠠ ᠦ᠋ ᠬᠦᠷᠬᠦ ᠵᠠᠰᠠᠮᠠᠯ ᠵᠠᠮ ᠵᠡᠷᠭᠡ 6 ᠵᠤᠷᠪᠤᠰ ᠵᠠᠮ ᠤᠨ ᠵᠠᠩᠭᠢᠯᠠᠭ᠎ᠠ ᠶᠢᠨ ᠴᠡᠭ ᠤᠨ ᠨᠣᠭᠤᠭᠠᠷᠠᠭᠤᠯᠤᠯᠲᠠ ᠶᠢᠨ ᠦᠵᠡᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ 13 ᠲᠦᠮᠡᠨ ᠲᠡᠭᠰᠢ ᠳᠥᠷᠪᠡᠯᠵᠢᠨ ᠮᠥ᠋ᠲᠷ ᠰᠢᠬᠠᠮ ᠲᠠᠯᠠᠪᠠᠢ ᠶᠢ ᠰᠢᠨ᠎ᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ᠂ ᠡᠨᠡ ᠵᠢᠯ᠂ ᠬᠤᠲᠣᠩ ᠠᠷᠠᠳ ᠤᠨ ᠲᠣᠭᠤᠷᠢᠭ ᠤᠨ ᠬᠢᠨ 60 ᠬᠠᠷᠮᠠᠨ ᠴᠡᠴᠡᠷᠯᠢᠭ ᠢ ᠥᠭᠡᠷᠡᠴᠢᠯᠡᠨ ᠪᠠᠶᠢᠭᠤᠯᠵᠤ᠂ ᠶᠡᠷᠦᠩᠬᠡᠢ ᠲᠠᠯᠠᠪᠠᠢ ᠨᠢ 10.4 ᠲᠦᠮᠡᠨ ᠲᠡᠭᠰᠢ ᠳᠥᠷᠪᠡᠯᠵᠢᠨ ᠮᠥ᠋ᠲᠷ ᠲᠤ ᠬᠦᠷᠴᠡᠢ᠃ ᠥᠭᠡᠷᠡᠴᠢᠯᠡᠨ ᠳᠡᠭᠡᠭᠰᠢᠯᠡᠭᠦᠯᠬᠦ ᠳᠤ ︽ᠨᠢᠭᠡ ᠬᠦᠷᠢᠶᠡᠯᠡᠩ ᠨᠢᠭᠡ ᠦᠵᠡᠮᠵᠢ᠂ ᠨᠢᠭᠡ ᠬᠦᠷᠢᠶᠡᠯᠡᠩ ᠨᠢᠭᠡ ᠣᠨᠴᠠᠯᠢᠭ︾ ᠤᠨ ᠱᠠᠭᠠᠷᠳᠠᠯᠭ᠎ᠠ ᠶᠣᠰᠣᠭᠠᠷ᠂︽ᠬᠠᠷᠮᠠᠨ ᠴᠡᠴᠡᠷᠯᠢᠭ︾ ᠤᠨ ᠭᠠᠵᠠᠷ ᠵᠦᠢ ᠶᠢᠨ ᠪᠠᠶᠢᠷᠢᠯᠠᠯ᠂ ᠡᠵᠡᠯᠡᠬᠦ ᠲᠠᠯᠠᠪᠠᠶ᠂ ᠣᠲᠣ ᠶᠢᠨ ᠪᠠᠶᠢᠭ᠎ᠠ ᠣᠨᠴᠠᠯᠢᠭ ᠵᠡᠷᠭᠡ ᠣᠯᠠᠨ ᠵᠦᠢᠯ ᠤᠨ ᠬᠦᠴᠦᠨ ᠵᠦᠢᠯ ᠢ ᠦᠨᠳᠦᠰᠦᠯᠡᠨ᠂ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠶᠡᠷᠦᠩᠬᠡᠢ ᠳᠤᠨᠢ ᠰᠢᠯᠢᠳᠡᠭᠵᠢᠭᠦᠯᠵᠦ᠂ ᠴᠡᠴᠡᠷᠯᠢᠭ ᠤᠨ ᠴᠢᠳᠠᠮᠵᠢ ᠶᠢ ᠲᠡᠭᠦᠯᠳᠡᠷᠵᠢᠭᠦᠯᠦᠨ᠂ ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠪᠠᠶᠠᠯᠢᠭᠵᠢᠭᠤᠯᠤᠨ᠎ᠠ︔ ᠡᠭᠦᠨ ᠤ ᠵᠡᠷᠭᠡ ᠳᠤ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠪᠠᠰᠠ ︽ᠨᠣᠭᠤᠭᠠᠷᠠᠭᠤᠯᠤᠯᠲᠠ ᠶᠢ ᠨᠥᠬᠦᠪᠦᠷᠢᠯᠡᠬᠦ᠂ ᠴᠡᠴᠡᠭ ᠬᠤᠸᠠᠷ ᠢ ᠨᠡᠮᠡᠭᠳᠡᠭᠦᠯᠬᠦ᠂ ᠥᠩᠭᠡ ᠪᠤᠳᠤᠭ ᠢ ᠨᠡᠮᠡᠭᠳᠡᠭᠦᠯᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ 35 ᠺᠢᠯᠣᠮᠧᠲᠷ ᠤᠨ ᠨᠣᠭᠤᠭᠠᠨ ᠵᠠᠮ᠂ 200 ᠵᠡᠭᠡᠯᠢ ᠶᠢᠨ ᠥᠨᠴᠥᠭ ᠤᠨ ᠵᠠᠩᠭᠢᠯᠠᠭ᠎ᠠ ᠶᠢᠨ ᠴᠡᠭ ᠢ ᠭᠤᠶᠣᠯᠠᠬᠤ ᠠᠵᠢᠯ ᠢ ᠬᠡᠷᠡᠭᠵᠢᠭᠦᠯᠵᠦ᠂ ᠬᠤᠲᠠ ᠬᠢᠭᠡᠳ ᠵᠦᠯᠭᠡ ᠭᠠᠵᠠᠷ ᠢ ᠬᠠᠷᠢᠯᠴᠠᠨ ᠠᠭᠤᠰᠤᠯᠴᠠᠭᠤᠯᠬᠤ᠂ ᠣᠯᠠᠨ ᠲᠦᠮᠡᠨ ᠬᠢᠭᠡᠳ ᠵᠦᠯᠭᠡ ᠭᠠᠵᠠᠷ ᠢ ᠬᠠᠷᠢᠯᠴᠠᠨ ᠦᠢᠯᠡᠳᠦᠯᠴᠡᠭᠦᠯᠬᠦ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ︽ᠬᠠᠭᠤᠴᠢᠨ ᠢ ᠥᠭᠡᠷᠡᠴᠢᠯᠡᠬᠦ︾ ᠶᠢ ᠬᠡᠷᠡᠭᠵᠢᠭᠦᠯᠵᠦ᠂︽ᠬᠠᠭᠤᠴᠢᠨ︾ ᠰᠠᠭᠤᠭᠠᠯᠢ ᠠᠷᠠᠳ ᠢ ︽ᠰᠢᠨ᠎ᠡ︾ ᠠᠮᠢᠳᠤᠷᠠᠯ ᠲᠠᠢ ᠪᠣᠯᠭᠠᠨ᠎ᠠ
     ᠡᠨᠡ ᠵᠢᠯ᠂ ᠬᠤᠳᠤᠩ ᠠᠷᠠᠳ ᠤᠨ ᠲᠣᠭᠤᠷᠢᠭ ᠤᠨ ᠬᠢᠨ ︽ᠬᠠᠯᠠᠭᠤᠨ ᠳᠤᠯᠠᠭᠠᠨ︾ ᠨᠡᠶᠢᠭᠡᠮ ᠲᠣᠭᠤᠷᠢᠭ ᠢ ᠪᠠᠶᠢᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂︽ᠰᠠᠭᠤᠷᠢ ᠶᠢ ᠥᠭᠡᠷᠡᠴᠢᠯᠡᠨ ᠰᠠᠶᠢᠵᠢᠷᠠᠭᠤᠯᠵᠤ ᠳᠤᠲᠠᠭᠤᠳᠠᠯ ᠢ ᠨᠥᠬᠦᠪᠦᠷᠢᠯᠡᠬᠦ᠂ ᠥᠭᠡᠷᠡᠴᠢᠯᠡᠨ ᠰᠠᠶᠢᠵᠢᠷᠠᠭᠤᠯᠬᠤ ᠶᠢ ᠬᠢᠯᠠᠰ ᠴᠡᠭ ᠲᠠᠢ ᠪᠣᠯᠭᠠᠬᠤ︾ ᠰᠡᠳᠬᠢᠴᠡ ᠪᠠᠷ᠂ ᠨᠡᠶᠢᠲᠡ 6.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠬᠡᠬᠤᠲᠠ ᠶᠢᠨ ᠪᠣᠯᠣᠳ ᠲᠡᠮᠦᠷ ᠤᠨ ᠵᠠᠯᠭᠠᠯᠳᠤᠭᠰᠠᠨ ᠲᠣᠭᠤᠷᠢᠭ᠂ ᠶᠠᠨᠱᠠ ᠰᠠᠷᠭᠠᠢ ᠴᠡᠴᠡᠭ ᠤᠨ ᠬᠦᠷᠢᠶᠡᠯᠡᠩ᠂ ᠽᠠᠨ ᠵᠠ ᠬᠤᠷᠢᠶᠡᠯᠠᠯ ᠵᠡᠷᠭᠡ 53 ᠬᠠᠭᠤᠴᠢᠨ ᠬᠤᠷᠢᠶᠡᠯᠠᠯ ᠳᠤ ᠨᠢᠭᠡᠳᠦᠯᠲᠡᠢ ᠵᠢᠷᠤᠵᠤ ᠲᠥᠯᠥᠪᠯᠡᠬᠦ᠂ ᠲᠥᠪᠯᠡᠷᠡᠭᠦᠯᠦᠨ ᠵᠠᠯᠭᠠᠯᠳᠤᠭᠤᠯᠬᠤ᠂ ᠲᠥᠷᠥᠯ ᠬᠤᠪᠢᠶᠠᠨ ᠬᠡᠷᠡᠭᠵᠢᠭᠦᠯᠬᠦ ᠠᠷᠭ᠎ᠠ ᠮᠠᠶ᠋ᠢᠭ ᠢ ᠠᠪᠴᠤ ᠥᠭᠡᠷᠡᠴᠢᠯᠡᠨ ᠰᠠᠶᠢᠵᠢᠷᠠᠭᠤᠯᠵᠤ᠂ 354 ᠰᠠᠭᠤᠷᠢ᠂ 1.88 ᠲᠦᠮᠡᠨ ᠡᠷᠦᠬᠡ ᠶᠢ ᠥᠭᠡᠷᠡᠴᠢᠯᠡᠨ ᠵᠠᠰᠠᠬᠤ ᠳᠤ ᠬᠤᠯᠪᠣᠭᠳᠠᠨ᠂ ᠪᠠᠷᠢᠯᠭ᠎ᠠ ᠶᠢᠨ ᠲᠠᠯᠠᠪᠠᠶ ᠨᠢ ᠪᠠᠷᠤᠭ 130 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠭᠦᠨ ᠳᠤ᠂ ᠬᠥᠬᠡᠬᠤᠲᠠ ᠶᠢᠨ ᠪᠣᠯᠣᠳ ᠲᠡᠮᠦᠷ ᠤᠨ ᠬᠤᠷᠢᠶᠡᠯᠠᠯ ᠤᠨ ᠬᠠᠭᠤᠴᠢᠨ ᠬᠤᠷᠢᠶᠡᠯᠠᠯ ᠢ ᠥᠭᠡᠷᠡᠴᠢᠯᠡᠬᠦ ᠲᠥᠷᠥᠯ ᠵᠦᠢᠯ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶ᠎ᠠ ᠵᠡᠷᠭᠡ 7 ᠰᠠᠯᠠᠭ᠎ᠠ ᠮᠥᠴᠢᠷ ᠠᠴᠠ ᠲᠣᠭᠲᠠᠭᠠᠭᠰᠠᠨ ᠪᠥᠬᠦ ᠤᠯᠤᠰ ᠤᠨ 106 ︽ᠪᠦᠷᠢᠨ ᠪᠦᠲᠦᠨ ᠨᠡᠶᠢᠭᠡᠮ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ᠋ ᠲᠤ ᠵᠢᠭᠰᠠᠭᠠᠨ ᠣᠷᠣᠭᠤᠯᠵᠤ᠂ ᠮᠥᠨ ᠴᠦ ᠣᠷᠣᠨ ᠤ ᠲᠥᠪ ᠤᠨ ᠴᠣᠷ ᠤᠨ ᠭᠠᠭᠴᠠ ᠲᠤᠷᠰᠢᠯᠲᠠ ᠪᠣᠯᠣᠨ᠎ᠠ᠃      ᠥᠭᠡᠷᠡᠴᠢᠯᠡᠯᠲᠡ ᠨᠢ ᠠᠷᠠᠳ ᠤᠨ ᠰᠠᠨᠠᠭᠠᠨ ᠳᠤ ᠨᠡᠶᠢᠴᠡᠵᠦ᠂ ᠠᠷᠠᠳ ᠤᠨ ᠰᠠᠨᠠᠭᠠᠨ ᠳᠤ ᠨᠡᠶᠢᠴᠡᠬᠦ ᠶᠢ ᠪᠠᠲᠤᠯᠠᠬᠤ ᠶᠢᠨ ᠲᠥᠯᠥᠭᠡ᠂ ᠲᠥᠷᠥᠯ ᠵᠦᠢᠯ ᠢ ᠡᠬᠢᠯᠡᠭᠦᠯᠬᠦ ᠠᠴᠠ ᠡᠮᠦᠨ᠎ᠡ᠂ ᠬᠤᠳᠤᠩ ᠠᠷᠠᠳ ᠤᠨ ᠲᠣᠭᠤᠷᠢᠭ ᠤᠨ ᠥᠭᠡᠷᠡᠴᠢᠯᠡᠬᠦ ᠲᠥᠰᠥᠯ ᠢ ᠴᠠᠭ ᠲᠤᠬᠠᠢ ᠳᠤᠨᠢ ᠢᠯᠡ ᠨᠡᠶᠢᠲᠡᠯᠡᠵᠦ᠂ ᠡᠮᠬᠢᠯᠡᠨ ᠳᠢᠭᠯᠡᠵᠦ᠂ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠬᠢᠨ ᠪᠠᠰᠠ ︽ᠰᠠᠭᠤᠭᠠᠯᠢ ᠠᠷᠠᠳ ᠤᠨ ᠬᠡᠷᠡᠭ ᠵᠥᠪᠯᠡᠬᠦ ᠲᠢᠩᠬᠢᠮ︾ ᠵᠡᠷᠭᠡ ᠲᠠᠪᠴᠠᠩ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠵᠦᠢ ᠵᠣᠬᠢᠰᠲᠠᠢ ᠰᠠᠨᠠᠭᠤᠯᠭ᠎ᠠ ᠶᠢ ᠢᠳᠡᠪᠬᠢᠲᠡᠢ ᠪᠠᠷ ᠰᠣᠨᠣᠰᠴᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠠᠰᠠᠷ ᠪᠠᠶᠢᠰᠢᠩ ᠢ ᠥᠩᠭᠡᠯᠡᠬᠦ᠂ ᠵᠦᠯᠭᠡ ᠭᠠᠵᠠᠷ ᠢ ᠨᠥᠬᠦᠪᠦᠷᠢᠯᠡᠬᠦ ᠵᠡᠷᠭᠡ ᠭᠠᠳᠠᠷ ᠲᠠᠯ᠎ᠠ ᠶᠢᠨ ᠪᠠᠷᠢᠯᠭ᠎ᠠ ᠶᠢᠨ ᠠᠵᠢᠯ ᠬᠢᠵᠦ ᠬᠤᠷᠢᠶᠡᠯᠠᠯ ᠤᠨ ᠨᠢᠭᠤᠷ ᠴᠢᠷᠠᠢ ᠶᠢ ᠳᠡᠭᠡᠭᠰᠢᠯᠡᠭᠦᠯᠬᠦ ᠠᠴᠠ ᠤᠰᠤ᠂ ᠴᠠᠬᠢᠯᠭᠠᠨ᠂ ᠬᠡᠢ᠂ ᠳᠤᠯᠠᠭᠠᠨ ᠵᠡᠷᠭᠡ ᠳᠠᠮᠵᠢᠭᠤᠯᠬᠤ ᠬᠤᠭᠤᠯᠠᠢ ᠶᠢᠨ ᠪᠡᠯᠡᠳᠬᠡᠮᠵᠢ ᠶᠢ ᠰᠢᠨᠡᠳᠬᠡᠨ ᠲᠠᠯᠪᠢᠵᠤ ᠬᠤᠷᠢᠶᠡᠯᠠᠯ ᠤᠨ ︽ᠴᠢᠰᠤᠨ ᠰᠤᠳᠠᠰᠤ︾ ᠶᠢ ᠨᠡᠪᠲᠡᠷᠡᠭᠦᠯᠬᠦ ᠬᠦᠷᠲᠡᠯ᠎ᠡ᠂ ᠬᠤᠷᠢᠶᠡᠯᠠᠯ ᠤᠨ ᠰᠠᠭᠤᠭᠠᠯᠢ ᠠᠷᠠᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠭᠦᠢᠴᠡᠳ ᠪᠠᠲᠤᠯᠠᠬᠤ ᠬᠡᠷᠡᠭᠲᠡᠢ᠃
     ᠬᠠᠭᠤᠴᠢᠨ ᠰᠠᠭᠤᠭᠠᠯᠢ ᠠᠷᠠᠳ ᠤᠨ ᠬᠤᠷᠢᠶᠡᠯᠠᠯ ᠤᠨ ᠰᠠᠭᠤᠭᠠᠯᠢ ᠠᠷᠠᠳ ᠨᠢ ᠨᠠᠰᠤᠲᠠᠶᠢᠴᠤᠳ ᠢᠶᠠᠷ ᠭᠤᠣᠯ ᠪᠣᠯᠭᠠᠵᠤ᠂ ᠬᠠᠭᠤᠴᠢᠨ ᠰᠠᠭᠤᠭᠠᠯᠢ ᠠᠷᠠᠳ ᠤᠨ ᠬᠤᠷᠢᠶᠡᠯᠠᠯ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠬᠡᠷᠡᠭᠵᠢᠭᠦᠯᠬᠦ ᠶᠢᠨ ᠬᠠᠮᠲᠤ᠂ ᠬᠤᠲᠣᠩ ᠠᠷᠠᠳ ᠤᠨ ᠲᠣᠭᠤᠷᠢᠭ ᠤᠨ ᠬᠢᠨ ᠪᠠᠰᠠ ᠨᠢᠭᠡ ᠦᠷᠳᠡᠭᠡᠯᠢᠭ ᠦᠢᠯᠡᠴᠢᠯᠡᠭᠡᠨ ᠤ ᠲᠢᠩᠬᠢᠮ᠂ ᠨᠠᠰᠤᠲᠠᠶᠢᠴᠤᠳ ᠤᠨ ᠬᠤᠭᠤᠯᠠᠨ ᠲᠢᠩᠬᠢᠮ᠂ ᠡᠳᠦᠷ ᠲᠤᠳᠤᠮ ᠤᠨ ᠬᠠᠷᠠᠭᠠᠯᠵᠠᠯ ᠤᠨ ᠦᠷᠦᠭᠡ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠲᠠᠯᠠᠪᠠᠢ᠂ ᠡᠷᠡᠭᠦᠯᠵᠢᠯ ᠤᠨ ᠦᠷᠦᠭᠡ᠂ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠪ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭᠠᠨ ᠤ ᠦᠷᠦᠭᠡ᠂ ᠤᠯᠠᠨ ᠴᠢᠳᠠᠮᠵᠢᠲᠤ ᠬᠤᠷᠠᠯ ᠤᠨ ᠭᠡᠷ᠂ ᠨᠣᠮ ᠤᠩᠰᠢᠯᠭ᠎ᠠ ᠶᠢᠨ ᠦᠷᠦᠭᠡ ᠵᠡᠷᠭᠡ ᠵᠢᠴᠢ ᠨᠢᠯᠬ᠎ᠠ ᠬᠡᠦᠬᠡᠳ ᠢ ᠠᠰᠠᠷᠠᠬᠤ ᠳᠤ ᠬᠡᠷᠡᠭᠯᠡᠬᠦ ᠦᠷᠦᠭᠡ ᠶᠢ ᠪᠠᠭᠲᠠᠭᠠᠭᠰᠠᠨ ᠠᠯᠢ ᠤᠯᠠᠨ ᠬᠠᠭᠤᠴᠢᠷᠠᠬᠤ ᠳᠤ ᠲᠣᠬᠢᠷᠠᠬᠤ ᠢᠵᠢ ᠪᠦᠷᠢᠳᠦᠭᠰᠡᠨ ᠲᠥᠬᠦᠭᠡᠷᠦᠮᠵᠢ ᠶᠢ ᠨᠡᠮᠡᠵᠦ ᠣᠷᠣᠭᠤᠯᠪᠠ᠃      ︽ᠨᠢᠭᠡ ᠨᠠᠰᠤᠲᠠᠨ ᠨᠢᠭᠡ ᠨᠢᠯᠬᠠᠰ︾ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠪᠦᠬᠦᠯᠢ ᠨᠠᠰᠤᠨ ᠤ ᠠᠵᠢᠯᠯᠠᠭ᠎ᠠ ᠶᠢᠨ ᠠᠭᠤᠳᠠᠮ ᠲᠠᠯᠠᠪᠠᠢ᠂ ᠣᠶᠤᠨᠴᠢᠯᠠᠭᠰᠠᠨ᠂ ᠬᠠᠶᠢᠮᠢᠶᠠᠨ ᠵᠢᠷᠤᠭ ᠲᠥᠯᠥᠪᠯᠡᠭᠡ ᠵᠡᠷᠭᠡ ︽ᠬᠡᠮᠡᠷᠯᠢᠭ ᠳᠡᠭᠡᠷ᠎ᠡ ᠬᠤᠸᠠᠷ ᠬᠠᠳᠬᠤᠭᠰᠠᠨ︾ ᠵᠢᠷᠤᠭ ᠲᠥᠯᠥᠪᠯᠡᠭᠡ ᠶᠢ ᠭᠦᠢᠴᠡᠳᠬᠡᠵᠦ᠂ ︽ᠬᠠᠭᠤᠴᠢᠨ︾ ᠰᠠᠭᠤᠭᠠᠯᠢ ᠠᠷᠠᠳ ᠢ ︽ᠰᠢᠨ᠎ᠡ︾ ᠠᠮᠢᠳᠤᠷᠠᠭᠤᠯᠵᠤ᠂ ᠬᠤᠲᠣᠩ ᠠᠷᠠᠳ ᠤᠨ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠬᠤᠷᠢᠶᠡᠯᠠᠯ ᠤᠨ ᠥᠭᠡᠷᠡᠴᠢᠯᠡᠯᠲᠡ ᠶᠢᠨ ᠳᠤᠮᠳᠠᠬᠢ ᠪᠠᠰᠠ ᠨᠢᠭᠡ ᠶᠡᠭᠡ ︽ᠬᠢᠯᠠᠰ ᠴᠡᠭ︾ ᠪᠣᠯᠭᠠᠪᠠ᠃      ︽ᠰᠡᠳᠬᠢᠯ︾ ᠢᠶᠠᠷ ︽ᠰᠢᠨ᠎ᠡ︾ ᠶᠢ ᠰᠣᠯᠢᠵᠤ᠂ ᠬᠠᠭᠤᠴᠢᠨ ᠰᠠᠭᠤᠭᠠᠯᠢ ᠠᠷᠠᠳ ᠤᠨ ᠬᠤᠷᠢᠶᠡᠯᠠᠯ ᠢ ᠰᠢᠨᠡᠴᠢᠯᠡᠵᠦ ︽ᠰᠢᠨᠡᠴᠢᠯᠡᠵᠦ︾ ᠵᠣᠯ ᠵᠢᠷᠭᠠᠯᠲᠤ ᠰᠢᠨ᠎ᠡ ᠠᠮᠢᠳᠤᠷᠠᠯ ᠢ ᠪᠤᠢ ᠪᠣᠯᠭᠠᠨ᠎ᠠ᠃ ︽ᠬᠠᠮᠤᠭ ᠤᠨ ᠬᠠᠭᠤᠴᠢᠨ ᠬᠤᠷᠢᠶᠡᠯᠠᠯ᠂ ᠬᠠᠮᠤᠭ ᠤᠨ ᠰᠢᠨ᠎ᠡ ᠠᠮᠢᠳᠤᠷᠠᠯ︾︱ ᠡᠨᠡ ᠦᠭᠡ ᠡᠳᠦᠭᠡ ᠬᠤᠳᠤᠩ ᠠᠷᠠᠳ ᠤᠨ ᠲᠣᠭᠤᠷᠢᠭ ᠲᠤ ᠥᠷᠭᠡᠨ ᠢᠶᠠᠷ ᠤᠯᠠᠮᠵᠢᠯᠠᠭᠳᠠᠵᠠᠢ᠃      ᠢᠷᠡᠯᠲᠡ᠄ ᠬᠤᠳᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号