ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ 2023 ᠣᠨ ᠳᠤ ᠬᠡᠷᠡᠭᠯᠡᠭᠴᠢᠳ ᠲᠤ 6947.84 ᠲᠦᠮᠡᠨ ᠲᠥᠭᠦᠷᠢᠭ ᠤᠨ ᠠᠵᠤ  ᠠᠬᠤᠢ ᠶᠢᠨ ᠬᠤᠬᠢᠷᠠᠯ ᠢ ᠡᠭᠡᠭᠦᠯᠵᠦ ᠥᠭᠪᠡ
ᠨᠡᠶᠢᠲᠡᠯᠡᠭᠰᠡᠨ ᠴᠠᠭ᠄
2024/1/9
     ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ 2023 ᠣᠨ ᠳᠤ ᠥᠪᠥᠷ ᠮᠣᠩᠭᠤᠯ ‍ᠤᠨ᠋ ᠬᠢᠨ ᠪᠥᠬᠦ ᠤᠯᠤᠰ ᠤᠨ 12315 ᠲᠠᠪᠴᠠᠩ ᠢᠶᠠᠷ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠯᠭ᠎ᠠ ᠶᠢ ᠨᠡᠶᠢᠲᠡ 374817 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 15.12% ᠢᠶᠠᠷ ᠨᠡᠮᠡᠭᠳᠡᠪᠡ᠃ ᠮᠠᠷᠭᠤᠯᠳᠤᠭᠠᠨ ᠳᠤ ᠬᠤᠯᠪᠣᠭᠳᠠᠭᠰᠠᠨ ᠵᠣᠭᠤᠰ ᠤᠨ ᠲᠤᠭ᠎ᠠ 3.02 ᠳ᠋ᠦᠩᠰᠢᠭᠤᠷ ᠲᠥᠭᠦᠷᠢᠭ ᠲᠤ ᠬᠦᠷᠴᠦ᠂ ᠬᠡᠷᠡᠭᠯᠡᠭᠴᠢᠳ ᠲᠤ 6947.84 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠵᠦ ᠥᠭᠴᠡᠢ᠃ 2024 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ ᠪᠣᠯᠲᠠᠯ᠎ᠠ ᠨᠢᠭᠡᠨᠲᠡ 169674 ᠬᠤᠪᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠵᠦ᠂ ᠰᠢᠢᠳᠪᠦᠷᠢᠯᠡᠨ ᠳᠠᠭᠤᠰᠬᠠᠭᠰᠠᠨ ᠨᠣᠷᠮ᠎ᠠ ᠨᠢ 96.86% ᠳᠤ ᠬᠦᠷᠴᠡᠢ᠃      ᠪᠦᠷᠢᠳᠬᠡᠯ ᠤᠨ ᠵᠠᠳᠠᠯᠤᠯᠲᠠ ᠠᠴᠠ ᠦᠵᠡᠪᠡᠯ᠂ ᠪᠥᠬᠦ ᠵᠢᠯ ᠳᠤ ᠭᠥᠯᠢᠶᠡᠨ ᠠᠪᠤᠭᠰᠠᠨ ᠬᠡᠷᠡᠭᠯᠡᠭᠴᠢᠳ ᠤᠨ ᠪᠣᠶ ᠪᠦᠬᠦᠢ ᠵᠠᠭᠠᠯᠳᠤᠯᠭ᠎ᠠ ᠶᠢᠨ ᠳᠤᠮᠳᠠ ᠲᠠᠸᠠᠷ ᠤᠨ ᠲᠥᠷᠥᠯ ᠳᠤ ᠬᠤᠯᠪᠣᠭᠳᠠᠭᠰᠠᠨ ᠵᠠᠭᠠᠯᠳᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ 34.05% ᠪᠠᠷ ᠨᠡᠮᠡᠭᠳᠡᠵᠡᠢ᠃ ᠵᠠᠭᠠᠯᠳᠤᠯᠭ᠎ᠠ ᠶᠢᠨ ᠬᠡᠮᠵᠢᠶ᠎ᠡ ᠪᠠᠷ ᠡᠮᠦᠨ᠎ᠡ ᠲᠠᠪᠤ ᠳᠤ ᠵᠢᠭᠰᠠᠭᠠᠭᠳᠠᠭᠰᠠᠨ ᠲᠠᠸᠠᠷ ᠤᠨ ᠶᠡᠭᠡ ᠲᠥᠷᠥᠯ ᠨᠢ ᠲᠤᠰ ᠲᠤᠰ ᠢᠳᠡᠭᠡᠨ᠂ ᠬᠤᠪᠴᠠᠰᠤ ᠬᠤᠨᠠᠷ ᠱᠠᠬᠠᠢ ᠮᠠᠯᠠᠭᠠᠢ᠂ ᠵᠠᠮ ᠬᠠᠷᠢᠯᠴᠠᠭᠠᠨ ᠤ ᠪᠠᠭᠠᠵᠢ᠂ ᠭᠡᠷ ᠤᠨ ᠡᠳ᠋ᠯᠡᠯ ᠬᠡᠷᠡᠭᠰᠡᠯ᠂ ᠴᠢᠮᠡᠭᠡ ᠨᠡᠪᠲᠡᠷᠡᠯᠭᠡ ᠶᠢᠨ ᠦᠢᠯᠡᠳᠬᠦᠨ ᠪᠣᠯᠣᠨ᠎ᠠ︔ ᠪᠥᠬᠦ ᠵᠢᠯ ᠳᠤ ᠨᠡᠶᠢᠲᠡ 32501 ᠬᠤᠪᠢ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ  ᠬᠢ ᠠᠴᠠ 12.60% ᠪᠠᠷ ᠨᠡᠮᠡᠭᠳᠡᠪᠡ᠃ ᠡᠭᠦᠨ ᠳᠤ ᠭᠤᠣᠯᠳᠠᠭᠤ ᠲᠠᠸᠠᠷ ᠤᠨ ᠲᠥᠷᠥᠯ ᠪᠠ ᠦᠢᠯᠡᠴᠢᠯᠡᠭᠡᠨ ᠤ ᠲᠥᠷᠥᠯ ᠳᠤ ᠬᠤᠯᠪᠣᠭᠳᠠᠨ᠎ᠠ︔ ᠪᠥᠬᠦ ᠵᠢᠯ ᠳᠤ ᠨᠡᠶᠢᠲᠡ 199648 ᠬᠤᠪᠢ ᠯᠠᠪᠯᠠᠯᠭ᠎ᠠ ᠶᠢ ᠬᠦᠯᠢᠶᠡᠵᠦ᠂ ᠠᠳᠠᠯᠢ ᠬᠤᠭᠤᠴᠠᠭᠠᠨ ᠤ ᠬᠢ ᠠᠴᠠ 8.17% ᠪᠠᠷ ᠨᠡᠮᠡᠭᠳᠡᠵᠦ᠂ ᠡᠭᠦᠨ ᠳᠤ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ᠂ ᠦᠢᠯᠡᠳᠬᠦᠨ ︵ᠲᠠᠸᠠᠷ︶ ᠤ ᠶᠠᠰᠤ ᠴᠢᠨᠠᠷ᠂ ᠦᠢᠯᠡᠴᠢᠯᠡᠭᠡᠨ ᠤ ᠬᠡᠷᠡᠭᠯᠡᠭᠡ ᠶᠢ ᠬᠢᠨᠠᠨ ᠬᠠᠮᠢᠶᠠᠷᠬᠤ᠂ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠮᠡᠳᠡᠯᠭᠡ ᠵᠡᠷᠭᠡ ᠪᠠᠭᠲᠠᠨ᠎ᠠ᠃      2023 ᠣᠨ ᠤ ᠪᠥᠬᠦ ᠣᠷᠣᠨ ᠤ ᠬᠡᠷᠡᠭᠯᠡᠭᠴᠢᠳ ᠤᠨ ᠬᠦᠰᠡᠯ ᠱᠠᠭᠠᠷᠳᠠᠯᠭ᠎ᠠ ᠶᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠢᠯᠡᠳᠲᠡ ᠨᠡᠮᠡᠭᠳᠡᠭᠰᠡᠨ ᠤ ᠰᠢᠯᠲᠠᠭᠠᠨ ᠢ ᠵᠠᠳᠠᠯᠪᠠᠯ᠂ ᠭᠤᠣᠯᠳᠠᠭᠤ ᠭᠤᠷᠪᠠᠨ ᠲᠠᠯ᠎ᠠ ᠪᠠᠷ ᠢᠯᠡᠷᠡᠵᠦ ᠪᠣᠶ᠃ ᠨᠢᠭᠡ ᠳᠤ ᠠᠵᠤ ᠠᠬᠤᠢ ᠶᠢᠨ ᠰᠡᠷᠭᠦᠯᠲᠡ ᠶᠢᠨ ᠬᠠᠨᠳᠤᠰᠢ ᠰᠠᠶᠢᠵᠢᠷᠠᠵᠤ᠂ ᠬᠡᠷᠡᠭᠯᠡᠭᠴᠢᠳ ᠤᠨ ᠪᠠᠷᠠᠭ᠎ᠠ ᠬᠤᠳᠠᠯᠳᠤᠨ ᠠᠪᠬᠤ ᠪᠠ ᠬᠡᠷᠡᠭᠯᠡᠭᠡᠨ ᠤ ᠬᠦᠰᠡᠯ ᠨᠡᠮᠡᠭᠳᠡᠵᠦ᠂ ᠡᠳᠦᠷ ᠲᠤᠲᠤᠮ ᠤᠨ ᠪᠠᠷᠠᠭ᠎ᠠ ᠬᠤᠳᠠᠯᠳᠤᠨ ᠠᠪᠬᠤ᠂ ᠵᠢᠭᠤᠯᠴᠢᠯᠠᠬᠤ᠂ ᠭᠠᠳᠠᠭᠰᠢ ᠭᠠᠷᠬᠤ ᠠᠵᠢᠯᠯᠠᠭ᠎ᠠ ᠢᠯᠡᠳᠲᠡ ᠨᠡᠮᠡᠭᠳᠡᠨ᠂ ᠬᠠᠮᠢᠶ᠎ᠠ ᠪᠦᠬᠦᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠣᠯᠠᠰᠢᠷᠠᠭᠤᠯᠪᠠ︔ ᠬᠤᠶᠠᠷ ᠲᠤ ᠥᠪᠡᠷᠲᠡᠭᠡᠨ ᠵᠠᠰᠠᠬᠤ ᠣᠷᠣᠨ ᠤ 12315 ᠲᠠᠪᠴᠠᠩ ᠨᠢ 24 ᠴᠠᠭ ᠢᠶᠠᠷ ᠵᠢᠵᠢᠭᠦᠷᠯᠡᠨ ᠰᠠᠬᠢᠵᠤ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ ᠳᠤ ᠨᠢ ᠪᠦᠲᠦᠮᠵᠢᠲᠡᠶ ᠳᠡᠩᠰᠡᠯᠡᠨ ᠰᠠᠯᠭᠠᠵᠤ ᠥᠭᠬᠦ ᠶᠢ ᠪᠠᠲᠤᠯᠠᠪᠠ︔ ᠭᠤᠷᠪᠠ ᠳᠤ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠴᠢᠩᠭᠠᠷᠠᠵᠤ᠂ ᠸᠢᠴᠠᠲ ᠤᠨ ᠵᠢᠵᠢᠭ ᠫᠷᠣᠭ᠍ᠷᠠᠮ᠂ ᡁᠢ ᠹᠦ᠋ ᠪᠣᠤ ᠶᠢᠨ ᠵᠢᠵᠢᠭ ᠫᠷᠣᠭ᠍ᠷᠠᠮ ᠵᠢᠴᠢ App ᠵᠡᠷᠭᠡ ᠣᠯᠠᠨ ᠠᠷᠭ᠎ᠠ ᠵᠠᠮ ᠢᠶᠠᠷ ᠪᠥᠬᠦ ᠤᠯᠤᠰ ᠤᠨ 12315 ᠲᠠᠪᠴᠠᠩ ᠳᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠪᠠᠨ ᠲᠤᠰᠢᠶᠠᠵᠤ ᠳᠡᠶᠢᠯᠬᠦ ᠪᠣᠯᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠡᠵᠡᠨ ᠮᠡᠳᠡᠬᠦ ᠴᠢᠨᠠᠷ᠂ ᠳᠥᠭᠦᠮ ᠳᠥᠲᠡ ᠴᠢᠨᠠᠷ ᠳᠡᠭᠡᠭᠰᠢᠯᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号