ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠪᠦᠬᠦ ᠤᠯᠤᠰ ᠤᠨ ᠠᠮᠤ ᠪᠤᠳᠠᠭ᠎ᠠ ᠶᠢ ᠠᠷᠪᠢᠯᠠᠬᠤ ᠤᠬᠠᠭᠤᠯᠭ᠎ᠠ ᠪᠠᠶᠢᠭᠤᠯᠭ᠎ᠠ ᠳᠤ ᠣᠷᠣᠬᠤ ᠠᠵᠢᠯᠯᠠᠭ᠎ᠠ ᠶᠢ ᠰᠣᠨᠢᠷᠬᠠᠨ ᠦᠵᠡᠬᠦ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2024/10/17
    2024 ᠣᠨ ᠤ 10 ᠰᠠᠷ᠎ᠠ ᠶᠢᠨ 16 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ 2 ᠳ᠋ᠤᠭᠠᠷ ᠠᠰᠠᠷ ᠤᠨ 323 ᠬᠤᠷᠠᠯ ᠤᠨ ᠭᠡᠷ ᠲᠤ ᠰᠢᠨᠬᠤᠸᠠ ᠰᠦᠯᠵᠢᠶᠡᠨ ᠤ ᠰᠢᠭᠤᠳ ᠨᠡᠪᠲᠡᠷᠡᠭᠦᠯᠭᠡ ᠶᠢ ᠰᠣᠨᠢᠷᠬᠠᠪᠠ᠃
 
    ᠨᠠᠮ ᠤᠨ ᠭᠡᠰᠢᠭᠦᠳ ᠰᠢᠭᠤᠳ ᠨᠡᠪᠲᠡᠷᠡᠭᠦᠯᠭᠡ ᠶᠢᠨ ᠠᠭᠤᠯᠭ᠎ᠠ ᠶᠢ ᠨᠠᠷᠢᠨ ᠬᠢᠨᠠᠮᠠᠭᠠᠢ ᠦᠵᠡᠵᠦ᠂ ᠠᠮᠤ ᠪᠤᠳᠠᠭ᠎ᠠ ᠶᠢ ᠠᠷᠪᠢᠯᠠᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠪᠠ᠃ ᠠᠮᠤ ᠪᠤᠳᠠᠭᠠᠨ ᠤ ᠠᠮᠤᠷ ᠲᠦᠪᠰᠢᠨ ᠪᠣᠯ ᠤᠯᠤᠰ ᠤᠨ ᠠᠮᠤᠷ ᠲᠦᠪᠰᠢᠨ ᠤ ᠴᠢᠬᠤᠯᠠ ᠰᠠᠭᠤᠷᠢ ᠮᠥᠨ᠂ ᠠᠮᠤ ᠪᠤᠳᠠᠭ᠎ᠠ ᠶᠢ ᠠᠷᠪᠢᠯᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠪᠣᠯᠬᠤ ᠪᠠᠷ ᠪᠠᠷᠠᠬᠤ ᠦᠭᠡᠢ᠂ ᠨᠡᠩ ᠴᠤ ᠬᠥᠮᠥᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠃ ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢ ᠦᠵᠡᠬᠦ ᠪᠠᠷ ᠳᠠᠮᠵᠢᠭᠤᠯᠤᠨ᠂ ᠠᠮᠤ ᠪᠤᠳᠠᠭ᠎ᠠ ᠶᠢ ᠪᠦᠷᠢᠯᠭᠡᠨ ᠰᠦᠢᠳᠬᠡᠬᠦ ᠬᠦᠨᠳᠦ ᠨᠣᠴᠢᠲᠠᠢ ᠴᠢᠨᠠᠷ ᠪᠠ ᠠᠮᠤ ᠪᠤᠳᠠᠭ᠎ᠠ ᠶᠢ ᠠᠷᠪᠢᠯᠠᠬᠤ ᠲᠤᠯᠭᠠᠮ᠎ᠠ ᠴᠢᠨᠠᠷ ᠢ ᠣᠯᠠᠨ ᠢᠶᠠᠷ ᠢᠶᠠᠨ ᠤᠯᠠᠮ ᠨᠢᠭᠡ ᠠᠯᠬᠤᠮ ᠲᠠᠨᠢᠵᠤ ᠣᠯᠪᠠ᠃     ᠬᠤᠲᠣᠩ ᠠᠷᠠᠳ ᠶᠢᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠡᠨᠡ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠢᠳᠡᠪᠬᠢᠲᠡᠢ ᠬᠦᠳᠡᠯᠦᠯᠴᠡᠨ᠂ ᠠᠮᠤ ᠪᠤᠳᠠᠭ᠎ᠠ ᠶᠢ ᠠᠷᠪᠢᠯᠠᠵᠤ᠂ ᠵᠢᠵᠢᠭ ᠰᠠᠵᠢᠭ ᠵᠦᠢᠯ ᠠᠴᠠ ᠭᠠᠷᠳᠠᠵᠤ ᠬᠢᠬᠦ ᠬᠡᠷᠡᠭᠲᠡᠢ᠃ ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠨᠢ ᠪᠦᠬᠦ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠪᠡᠶ᠎ᠡ ᠪᠠᠷ ᠢᠶᠠᠨ ᠬᠡᠪ ᠳᠦᠷᠢᠮ ᠪᠣᠯᠭᠠᠵᠤ᠂ ᠠᠮᠤ ᠪᠤᠳᠠᠭ᠎ᠠ ᠶᠢ ᠠᠷᠪᠢᠯᠠᠬᠤ ᠠᠵᠢᠯᠯᠠᠭ᠎ᠠ ᠶᠢ ᠦᠢᠯᠡᠳᠦᠯᠭᠡᠵᠢᠭᠦᠯᠵᠦ᠂ ᠪᠦᠬᠦ ᠨᠡᠶᠢᠭᠡᠮ ᠤᠨ ᠠᠮᠤ ᠪᠤᠳᠠᠭ᠎ᠠ ᠶᠢ ᠠᠷᠪᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠦᠷᠢᠯᠳᠦᠭᠦᠯᠬᠦ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号