︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠰᠧ ᠮᠦᠸᠧ︶ 1 - 9 ᠳ᠋ᠦ᠋ᠭᠡᠷ ᠰᠠᠷ᠎ᠠ ᠳᠤ᠂ | ᠣᠷᠣᠨ ᠤ ᠲᠥᠪ ᠬᠤᠲᠠ ᠶᠢᠨ ᠡᠳ᠋ ᠤᠨ ᠵᠠᠰᠠᠭ ᠠᠴᠠ ᠪᠥᠬᠦ ᠬᠤᠲᠠ ᠶᠢᠨ 65517 ᠨᠡᠷᠡᠰ 80 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠲᠤ 5091.21 ᠲᠦᠮᠡᠨ ᠲᠥᠭᠦᠷᠢᠭ ᠤᠨ ᠥᠨᠳᠥᠷ ᠨᠠᠰᠤᠨ ᠤ ᠨᠥᠬᠦᠪᠦᠷᠢ | ᠣᠯᠭᠤᠪᠠ︔ 54309 ᠨᠡᠷᠡᠰ ᠠᠵᠤ ᠠᠬᠤᠢ ᠬᠦᠴᠢᠷᠳᠡᠯᠲᠡᠢ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠨᠥᠬᠦᠪᠦᠷᠢ 2181.79 ᠲᠦᠮᠡᠨ ᠲᠥᠭᠦᠷᠢᠭ ᠣᠯᠭᠤᠪᠠ︔ 632.54 ᠲᠦᠮᠡᠨ ᠲᠥᠭᠦᠷᠢᠭ | ᠣᠷᠣᠭᠤᠯᠵᠤ᠂ ᠪᠥᠬᠦ ᠬᠤᠲᠠ ᠶᠢᠨ ᠪᠦᠬᠦᠯᠢ 60 ᠨᠠᠰᠤᠨ ᠤ ᠨᠠᠰᠤᠲᠠᠶᠢᠴᠤᠳ ᠢ ᠰᠠᠨᠠᠭᠠᠨ ᠳᠤ ᠦᠭᠡᠢ ᠭᠡᠮᠲᠦᠯ ᠤᠨ | ᠳᠠᠭᠠᠳᠬᠠᠯ ᠳᠤ ᠣᠷᠣᠯᠴᠠᠭᠤᠯᠵᠤ᠂ ᠨᠠᠰᠤᠲᠠᠶᠢᠴᠤᠳ ᠤᠨ ︽ᠨᠠᠰᠤᠵᠢᠯ ᠤᠨ ᠠᠰᠠᠷᠠᠮᠵᠢ ᠵᠣᠭᠤᠰ ᠪᠠᠶᠢᠬᠤ︾ | ᠬᠡᠷᠡᠭᠴᠡᠭᠡ ᠶᠢ ᠬᠦᠴᠦᠯᠡᠨ ᠬᠠᠩᠭᠠᠪᠠ᠃ | 2024 ᠣᠨ ᠳᠤ᠂ ᠬᠤᠲᠠ ᠶᠢᠨ ᠲᠣᠰ ᠱᠠᠲᠤᠨ ᠤ ᠲᠥᠰᠥᠪ ᠲᠤ ᠵᠠᠰᠠᠭ ᠤᠨ ᠣᠷᠳᠣᠨ ᠠᠴᠠ ᠭᠡᠷ ᠪᠦᠯᠢ ᠪᠠ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠮᠥᠩᠭᠦ ᠶᠢ 3000 | ᠲᠦᠮᠡᠨ ᠲᠥᠭᠦᠷᠢᠭ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠷᠣ ᠶᠢᠨ ᠡᠵᠡᠩᠨᠡᠯᠲᠡ ᠶᠢᠨ | ᠨᠥᠬᠦᠪᠦᠷᠢ ᠶᠢ 202.82 ᠲᠦᠮᠡᠨ ᠲᠥᠭᠦᠷᠢᠭ ᠲᠣᠬᠢᠷᠠᠭᠤᠯᠵᠤ᠂ ᠪᠥᠬᠦ ᠬᠤᠲᠠ ᠶᠢᠨ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠵᠢᠯ ᠢ ᠪᠥᠬᠦ | ᠲᠠᠯ᠎ᠠ ᠪᠠᠷ ᠳᠡᠮᠵᠢᠨ ᠠᠬᠢᠭᠤᠯᠵᠤ᠂ ᠨᠡᠶᠢᠲᠡ 340 ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠪᠠ᠂ ᠡᠭᠦᠨ ᠳᠤ᠂ ᠬᠤᠲᠠ ᠶᠢᠨ ᠲᠠᠰ ᠤᠨ | ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠥᠪ 1᠂ ᠬᠤᠰᠢᠭᠤ ᠰᠢᠶᠠᠨ ᠲᠣᠭᠤᠷᠢᠭ ᠤᠨ ᠲᠠᠰ ᠤᠨ ᠵᠢᠱᠢᠶ᠎ᠡ | ᠦᠵᠡᠭᠦᠯᠬᠦ ᠲᠥᠪ 4᠂ ᠵᠡᠭᠡᠯᠢ ᠭᠤᠳᠤᠮᠵᠢ ᠶᠢᠨ ᠲᠠᠰ ᠤᠨ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ 31᠂ ᠵᠡᠭᠡᠯᠢ ᠭᠤᠳᠤᠮᠵᠢ ᠶᠢᠨ ᠲᠠᠰ ᠤᠨ ᠭᠡᠷ ᠪᠦᠯᠢ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠦᠷᠬᠦᠴᠡ ᠶᠢᠨ ᠨᠣᠷᠮ᠎ᠠ | 100% ᠳᠤ ᠬᠦᠷᠴᠦ᠂ ᠨᠡᠶᠢᠭᠡᠮ ᠲᠣᠭᠤᠷᠢᠭ ᠤᠨ ᠲᠠᠰ ᠤᠨ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ 304᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠬᠦᠭᠡᠷᠦᠮᠵᠢ ᠪᠠ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ 95.77% ᠳᠤ ᠬᠦᠷᠴᠦ᠂ | ᠬᠤᠲᠠ ᠶᠢᠨ ᠲᠣᠭᠤᠷᠢᠭ ᠤᠨ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠴᠠᠭᠠᠷᠢᠭ ᠢ ᠦᠨᠳᠦᠰᠦᠨ ᠳᠤ ᠪᠠᠨ ᠪᠦᠷᠢᠯᠳᠦᠭᠦᠯᠪᠡ᠃ | 2024 ᠣᠨ ᠳᠤ 1 ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ | ᠦᠵᠡᠭᠦᠯᠬᠦ ᠲᠥᠪ᠂ 2 ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ᠂ 102 | ᠲᠣᠰᠬᠤᠨ ᠤ ᠲᠠᠰ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠦᠢᠯᠡᠴᠢᠯᠡᠭᠡᠨ ᠤ | ᠪᠡᠯᠡᠳᠬᠡᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ 46 ᠰᠠᠶᠢᠵᠢᠷᠠᠭᠤᠯᠤᠨ ᠥᠭᠡᠷᠡᠴᠢᠯᠡᠵᠦ᠂ ᠬᠥᠳᠡᠭᠡ ᠲᠣᠰᠬᠤᠨ ᠤ | ᠨᠠᠰᠤᠲᠠᠶᠢᠴᠤᠳ ᠲᠤ ᠣᠷᠣᠨ ᠰᠠᠭᠤᠴᠠ᠂ ᠬᠤᠭᠤᠯᠠ ᠤᠮᠳᠠ᠂ ᠡᠮᠨᠡᠯᠭᠡ ᠳᠤ ᠲᠤᠰᠠᠯᠠᠬᠤ᠂ ᠰᠡᠳᠬᠢᠴᠡ ᠶᠢᠨ | ᠲᠠᠶᠢᠳᠬᠤᠷᠠᠭᠤᠯᠤᠯ ᠵᠡᠷᠭᠡ ᠦᠢᠯᠡᠴᠢᠯᠡᠭᠡ ᠬᠠᠩᠭᠠᠵᠤ᠂ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ | ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠥᠳᠡᠭᠡ ᠲᠣᠰᠬᠤᠨ ᠤ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢᠨ ᠪᠦᠷᠬᠦᠴᠡ ᠶᠢᠨ ᠨᠣᠷᠮ᠎ᠠ ᠶᠢ 55% ᠠᠴᠠ ᠳᠡᠭᠡᠭᠰᠢ ᠳᠤ ᠬᠦᠷᠦᠭᠦᠯᠵᠦ᠂ | ᠬᠥᠳᠡᠭᠡ ᠲᠣᠰᠬᠤᠨ ᠤ ᠨᠠᠰᠤᠲᠠᠶᠢᠴᠤᠳ ᠤᠨ ᠬᠥᠮᠥᠨ ᠠᠮᠠ ᠶᠢᠨ 50% ᠠᠴᠠ ᠳᠡᠭᠡᠭᠰᠢ ᠳᠤ ᠨᠠᠰᠤᠵᠢᠯ ᠤᠨ | ᠦᠢᠯᠡᠴᠢᠯᠡᠭᠡ ᠬᠠᠩᠭᠠᠵᠠᠢ᠃ | ᠪᠥᠬᠦ ᠬᠤᠲᠠ ᠶᠢᠨ 5 ᠬᠤᠰᠢᠭᠤ ᠰᠢᠶᠠᠨ ᠳᠤ ᠴᠥᠮ ᠰᠢᠶᠠᠨ ᠤ ᠲᠠᠰ ᠤᠨ ᠣᠨᠴᠠ ᠬᠦᠴᠢᠷᠳᠡᠯᠲᠡᠢ ᠠᠰᠠᠷᠠᠨ | ᠲᠡᠵᠢᠭᠡᠬᠦ ᠪᠠᠶᠢᠭᠤᠯᠤᠮᠵᠢ ᠶᠢ 1 ᠪᠠᠶᠢᠭᠤᠯᠵᠤ᠂ ᠨᠢᠭᠡᠨᠲᠡ 27 ᠰᠢᠶᠠᠩ ᠪᠠᠯᠭᠠᠰᠤᠨ ᠤ ᠲᠠᠰ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ᠂ 200 ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ᠂ 23 ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ | ᠬᠦᠷᠢᠶᠡᠯᠡᠩ ᠢ ᠲᠠᠰ ᠳᠡᠪᠰᠢᠭᠦᠯᠦᠨ ᠥᠭᠡᠷᠡᠴᠢᠯᠡᠵᠦ᠂ ᠬᠤᠰᠢᠭᠤ ᠰᠢᠶᠠᠨ ᠤ ᠲᠠᠰ ᠤᠨ ᠣᠨᠴᠠ ᠬᠦᠴᠢᠷᠳᠡᠯᠲᠡᠢ | ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠪᠠᠷ ᠲᠥᠪ ᠪᠣᠯᠭᠠᠨ᠂ ᠰᠢᠶᠠᠩ ᠪᠠᠯᠭᠠᠰᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢᠶᠠᠷ ᠰᠠᠴᠤᠷᠠᠭ ᠪᠣᠯᠭᠠᠨ᠂ ᠲᠣᠰᠬᠤᠨ ᠤ ᠲᠠᠰ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠᠷ ᠴᠡᠭ ᠪᠣᠯᠭᠠᠨ᠂ ᠬᠠᠷᠢᠯᠴᠠᠨ ᠬᠠᠪᠰᠤᠷᠤᠯᠴᠠᠬᠤ ᠵᠣᠯ | ᠵᠢᠷᠭᠠᠯ ᠤᠨ ᠬᠦᠷᠢᠶᠡᠯᠡᠩ ᠢᠶᠠᠷ ᠲᠤᠯᠭᠠᠭᠤᠷᠢᠯᠠᠯ ᠪᠣᠯᠭᠠᠭᠰᠠᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠣᠣᠷ ᠰᠦᠯᠵᠢᠶ᠎ᠡ ᠶᠢ ᠦᠨᠳᠦᠰᠦᠨ ᠳᠤ ᠪᠠᠨ ᠪᠣᠶ ᠪᠣᠯᠭᠠᠵᠤ᠂ ᠪᠥᠬᠦ ᠬᠤᠲᠠ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠡᠵᠡᠩᠨᠡᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠴᠢᠨᠠᠷ ᠰᠠᠶᠢᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠲᠤᠯᠠᠵᠠᠢ᠃ | |