ᠥᠪᠥᠷ ᠮᠣᠩᠭᠤᠯ ᠤᠨ ᠬᠢᠨ ᠲᠤᠤ ᠪᠤᠤ ᠲᠠᠪᠴᠠᠩ ᠠᠴᠠ ᠪᠠᠷᠠᠭ᠎ᠠ ᠬᠤᠳᠠᠯᠳᠤᠨ ᠠᠪᠬᠤ ᠳᠤ ᠭᠤᠪᠢᠭᠤᠯᠭ᠎ᠠ  ᠶᠢᠨ ᠰᠦᠢᠳᠬᠡᠯ ᠭᠠᠷᠭᠠᠬᠤ ᠦᠭᠡᠢ ᠪᠣᠯᠵᠠᠢ
ᠨᠡᠶᠢᠲᠡᠯᠡᠭᠰᠡᠨ ᠴᠠᠭ᠄
2024/10/18
    10 ᠰᠠᠷ᠎ᠠ ᠶᠢᠨ 15 ᠤ ᠡᠳᠦᠷ᠂ ᠴᠥᠭᠡᠨ ᠪᠤᠰᠤ ᠬᠤᠲᠠ ᠶᠢᠨ ᠠᠷᠠᠳ ᠲᠤᠤ ᠪᠦᠦ᠂ ᠲᠢᠶᠠᠨ ᠮᠣᠣ ᠲᠠᠪᠴᠠᠩ  ᠠᠴᠠ ᠪᠠᠷᠠᠭ᠎ᠠ ᠬᠤᠳᠠᠯᠳᠤᠨ ᠠᠪᠬᠤ ᠳᠤ  ᠭᠤᠪᠢᠭᠤᠯᠭ᠎ᠠ ᠶᠢᠨ ᠰᠦᠢᠳᠬᠡᠯ ᠦᠭᠡᠢ ᠪᠣᠯᠤᠭᠰᠠᠨ ᠢ ᠣᠯᠵᠤ ᠮᠠᠲᠠᠵᠠᠢ᠃     ᠰᠤᠷᠪᠤᠯᠵᠢᠯᠠᠬᠴᠢ ᠲᠤᠤ ᠪᠦᠦ ᠲᠠᠪᠴᠠᠩ ᠠᠴᠠ ᠣᠶᠢᠯᠠᠭᠠᠭᠰᠠᠨ ᠢᠶᠠᠷ᠂ ᠥᠩᠭᠡᠷᠡᠭᠰᠡᠨ ᠳᠤ ᠭᠠᠵᠠᠷ ᠵᠦᠢ ᠶᠢᠨ ᠪᠠᠶᠢᠷᠢᠰᠢᠯ᠂ ᠵᠠᠮ ᠬᠠᠷᠢᠯᠴᠠᠭ᠎ᠠ ᠳᠥᠭᠦᠮ ᠦᠭᠡᠢ ᠠᠴᠠ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠨᠡᠯᠢᠶᠡᠳ ᠥᠨᠳᠥᠷ ᠪᠠᠶᠢᠵᠤ᠂ ᠥᠪᠥᠷ ᠮᠣᠩᠭᠤᠯ ᠵᠡᠷᠭᠡ ᠪᠠᠷᠠᠭᠤᠨ ᠣᠷᠣᠨ ᠤ ᠬᠡᠷᠡᠭᠯᠡᠭᠴᠢᠳ ᠭᠤᠪᠢᠭᠤᠯᠭ᠎ᠠ ᠶᠢᠨ ᠰᠦᠢᠳᠬᠡᠯ ᠭᠠᠷᠭᠠᠬᠤ ᠦᠭᠡᠢ ᠬᠠᠷᠠᠭᠠᠯᠵᠠᠯ ᠢ ᠬᠦᠷᠲᠡᠵᠦ ᠴᠢᠳᠠᠬᠤ ᠦᠭᠡᠢ ᠪᠠᠶᠢᠵᠠᠢ᠃ ᠡᠨᠡ ᠵᠢᠯ ᠤᠨ 10 ᠰᠠᠷ᠎ᠠ ᠶᠢᠨ 11 ᠤ ᠡᠳᠦᠷ ᠠᠴᠠ ᠡᠬᠢᠯᠡᠨ ᠲᠤᠤ ᠪᠦᠦ ᠲᠠᠪᠴᠠᠩ ᠥᠪᠥᠷ ᠮᠣᠩᠭᠤᠯ᠂ ᠲᠥᠪᠡᠳ᠂ ᠨᠢᠩᠰᠢᠶᠠ᠂ ᠬᠥᠬᠡᠨᠠᠭᠤᠷ᠂ ᠭᠠᠨᠰᠤ ᠵᠡᠷᠭᠡ 5 ᠭᠠᠵᠠᠷ ᠣᠷᠣᠨ ᠤ ᠬᠡᠷᠡᠭᠯᠡᠭᠴᠢᠳ ᠢᠶᠠᠷ ᠭᠤᠪᠢᠭᠤᠯᠭ᠎ᠠ ᠶᠢᠨ ᠰᠦᠢᠳᠬᠡᠯ ᠭᠠᠷᠭᠠᠯᠭᠠᠬᠤ ᠦᠭᠡᠢ ᠪᠣᠯᠵᠠᠢ᠃     ᠣᠶᠢᠯᠠᠭᠠᠭᠰᠠᠨ ᠢᠶᠠᠷ᠂ ᠬᠤᠳᠠᠯᠳᠤᠭᠠᠴᠢᠨ ᠤ ᠪᠠᠷᠠᠭ᠎ᠠ ᠢᠯᠡᠭᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠲᠤᠤ ᠪᠦᠦ ᠲᠠᠪᠴᠠᠩ ᠨᠢ ᠪᠠᠷᠠᠭᠤᠨ ᠣᠷᠣᠨ ᠤ 6 ᠭᠠᠵᠠᠷ ᠣᠷᠣᠨ ᠳᠤ ᠳᠠᠮᠵᠢᠭᠤᠯᠬᠤ ᠬᠥᠮᠥᠷᠭᠡ ᠭᠠᠷᠭᠠᠪᠠ᠃ ᠴᠥᠭᠡᠨ ᠲᠣᠭᠠᠨ ᠤ ᠴᠠᠭᠠᠵᠠᠲᠠᠢ ᠡᠳ᠋᠂ ᠠᠶᠤᠯᠲᠠᠢ ᠪᠣᠳᠠᠰ᠂ ᠲᠠᠯᠠᠢ ᠶᠢᠨ ᠢᠳᠡᠭᠡᠨ᠂ ᠬᠦᠢᠲᠡᠨ ᠢᠶᠠᠷ ᠲᠡᠭᠡᠭᠡᠪᠦᠷᠢᠯᠡᠬᠦ᠂ ᠣᠬᠤᠷ ᠬᠤᠭᠤᠴᠠᠭ᠎ᠠ ᠪᠠᠷ ᠬᠠᠳᠠᠭᠠᠯᠠᠬᠤ᠂ ᠶᠡᠭᠡ ᠬᠦᠨᠳᠦ ᠪᠠ ᠲᠣᠭᠲᠠᠭᠠᠯ ᠠᠴᠠ ᠵᠥᠷᠢᠴᠡᠭᠰᠡᠨ ᠲᠠᠸᠠᠷ ᠢ ᠭᠠᠷᠭᠠᠪᠠᠯ᠂ ᠳᠠᠮᠵᠢᠭᠤᠯᠬᠤ ᠬᠥᠮᠥᠷᠭᠡ ᠶᠢᠨ ᠦᠢᠯᠡᠴᠢᠯᠡᠭᠡ ᠨᠢ ᠪᠠᠷᠤᠭ ᠪᠤᠶ ᠪᠦᠬᠦᠢ ᠲᠠᠸᠠᠷ ᠢ ᠬᠠᠮᠤᠷᠴᠠᠢ᠃ ᠬᠤᠳᠠᠯᠳᠤᠭᠠᠴᠢᠳ ᠪᠠᠷᠠᠭᠤᠨ ᠣᠷᠣᠨ ᠤ ᠬᠡᠷᠡᠭᠯᠡᠭᠴᠢᠳ ᠤᠨ ᠵᠠᠬᠢᠶᠠᠯᠠᠭ᠎ᠠ ᠶᠢᠨ ᠪᠠᠷᠠᠭ᠎ᠠ ᠶᠢ ᠲᠣᠭᠲᠠᠭᠰᠠᠨ ᠳᠠᠮᠵᠢᠭᠤᠯᠬᠤ ᠬᠥᠮᠥᠷᠭᠡ ᠳᠤ ᠶᠠᠪᠤᠭᠤᠯᠪᠠᠯ᠂ ᠳᠠᠮᠵᠢᠭᠤᠯᠬᠤ ᠬᠥᠮᠥᠷᠭᠡ ᠨᠢ ᠪᠠᠷᠠᠭ᠎ᠠ ᠪᠠᠨ ᠰᠢᠭᠤᠳ ᠬᠤᠳᠠᠯᠳᠤᠨ ᠠᠪᠤᠭᠴᠢ ᠶᠢᠨ ᠪᠠᠶᠢᠭ᠎ᠠ ᠭᠠᠵᠠᠷ ᠲᠤ ᠢᠯᠡᠭᠡᠳᠡᠭ ᠪᠠᠶᠢᠨ᠎ᠠ᠃ ᠡᠭᠦᠨ ᠠᠴᠠ ᠭᠠᠳᠠᠨ᠎ᠠ᠂ ᠲᠤᠤ ᠪᠦᠦ ᠲᠠᠪᠴᠠᠩ ᠨᠢ ᠪᠠᠰᠠ ᠲᠡᠭᠡᠭᠡᠪᠦᠷᠢ ᠶᠢᠨ ᠰᠦᠢᠳᠬᠡᠯ ᠤᠨ ᠨᠥᠬᠦᠪᠦᠷᠢ ᠥᠭᠴᠦ᠂ ᠬᠤᠳᠠᠯᠳᠤᠭᠠᠴᠢᠳ ᠤᠨ ᠪᠠᠷᠠᠭᠤᠨ ᠣᠷᠣᠨ ᠳᠤ ᠶᠠᠪᠤᠭᠤᠯᠬᠤ ᠲᠦᠷᠭᠡᠨ ᠬᠦᠷᠭᠡᠯᠲᠡ ᠶᠢᠨ ᠥᠪᠡᠷ ᠤᠨ ᠥᠷᠲᠡᠭ ᠢ ᠳᠠᠬᠢᠨᠲᠠ ᠪᠠᠭᠤᠷᠠᠭᠤᠯᠪᠠ᠃     ᠢᠷᠡᠯᠲᠡ᠄  ᠲᠠᠯ᠎ᠠ ᠨᠤᠲᠤᠭ ᠤᠨ ᠡᠭᠦᠯᠡ ᠰᠢᠯᠵᠢᠶ᠎ᠡ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号