ᠬᠥᠬᠡᠬᠤᠲᠠ ᠶᠢᠨ ᠲᠦᠷᠦᠭᠦᠤ ᠭᠤᠷᠪᠠᠨ ᠤᠯᠠᠷᠢᠯ ᠳᠤ ᠭᠠᠳᠠᠭᠠᠳᠤ ᠳᠤ ᠪᠡᠯᠡ ᠣᠷᠣᠭᠤᠯᠤᠭᠰᠠᠨ ᠪᠣᠳᠠᠲᠠᠢ ᠪᠡᠯᠡ ᠮᠥᠩᠭᠦ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2024/10/23
     ︵ᠰᠤᠷᠪᠤᠯᠵᠢᠯᠠᠭᠴᠢ ᠶᠦᠨ ᠶᠠᠨ ᠹᠠᠩ︶  ᠣᠶᠢᠯᠠᠭᠠᠭᠰᠠᠨ ᠢᠶᠠᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠨᠢᠭᠡᠳᠦᠯᠲᠡᠢ ᠲᠠᠪᠴᠠᠩ ᠤᠨ ᠭᠠᠳᠠᠭᠠᠳᠤ ᠭᠤᠪᠢᠭᠤᠯᠭ᠎ᠠ ᠶᠢᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ ᠬᠥᠬᠡᠬᠤᠲᠠ ᠶᠢᠨ ᠭᠠᠳᠠᠭᠠᠳᠤ ᠳᠤ ᠪᠡᠯᠡ ᠣᠷᠣᠭᠤᠯᠤᠭᠰᠠᠨ ᠪᠣᠳᠠᠲᠠᠢ ᠪᠡᠯᠡ ᠮᠥᠩᠭᠦ 29.19 ᠳ᠋ᠦᠩᠰᠢᠭᠤᠷ ᠲᠥᠭᠦᠷᠢᠭ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ᠃         ᠣᠶᠢᠷ᠎ᠠ ᠶᠢᠨ ᠵᠢᠯ ᠳᠤ᠂ ᠬᠥᠬᠡᠬᠤᠲᠠ ᠠᠵᠤ ᠠᠬᠤᠶᠢᠯᠠᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ︽ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ᠂ ᠪᠠᠶᠢᠯᠳᠤᠬᠤ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠲᠦᠭᠰᠢᠭᠦᠷᠢ ᠶᠢ ᠡᠵᠡᠮᠳᠡᠬᠦ ᠪᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ︾ ᠵᠠᠷᠴᠢᠮ ᠶᠣᠰᠣᠭᠠᠷ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢ ᠥᠷᠨᠢᠭᠦᠯᠵᠦ᠂ ᠶᠡᠭᠡ ᠬᠡᠪᠴᠢᠶᠡᠨ ᠤ ︽ᠭᠠᠳᠠᠭᠰᠢ ᠭᠠᠷᠬᠤ︾ ᠶᠢ ᠬᠥᠭᠡᠭᠡᠴᠡᠯᠳᠦᠬᠦ ᠠᠴᠠ ᠠᠯᠬᠤᠮ ᠠᠯᠬᠤᠮ ᠢᠶᠠᠷ ᠥᠨᠳᠥᠷ ᠬᠢᠷᠢ ᠲᠦᠪᠰᠢᠨ ᠪᠦᠬᠦᠢ ︽ᠭᠠᠳᠠᠭᠰᠢ ᠭᠠᠷᠬᠤ︾ ᠲᠡᠶᠢᠰᠢ ᠬᠤᠪᠢᠷᠠᠭᠤᠯᠵᠤ᠂ ᠭᠠᠳᠠᠭᠠᠳᠤ ᠳᠤ ᠪᠡᠯᠡ ᠣᠷᠣᠭᠤᠯᠬᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠭᠠᠳᠠᠭᠠᠳᠤ ᠳᠤ ᠪᠡᠯᠡ ᠣᠷᠣᠭᠤᠯᠬᠤ ᠪᠦᠲᠦᠴᠡ ᠶᠢ ᠰᠢᠯᠢᠳᠡᠭᠵᠢᠭᠦᠯᠵᠦ᠂ ᠭᠠᠳᠠᠭᠠᠳᠤ ᠳᠤ ᠪᠡᠯᠡ ᠣᠷᠣᠭᠤᠯᠬᠤ ᠴᠢᠨᠠᠷ ᠰᠠᠶᠢᠲᠠᠢ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠭᠠᠯᠳᠤᠨ᠂ ᠬᠥᠬᠡᠬᠤᠲᠠ ᠶᠢᠨ ᠠᠵᠤ ᠠᠬᠤᠶᠢᠯᠠᠯ ᠣᠯᠠᠨ ᠤᠯᠤᠰ ᠤᠨ ᠬᠠᠷᠠᠭ᠎ᠠ ᠪᠠᠨ ᠢᠳᠡᠪᠬᠢᠲᠡᠢ ᠪᠠᠷ ᠥᠷᠭᠡᠳᠬᠡᠨ᠂ ᠭᠠᠳᠠᠭᠠᠳᠤ ᠶᠢᠨ ᠵᠠᠬ᠎ᠠ ᠳᠡᠯᠭᠡᠭᠦᠷ ᠢ ᠪᠠᠶᠢᠷᠢᠰᠢᠭᠤᠯᠵᠤ᠂ ᠳᠡᠯᠡᠬᠡᠶᠢᠴᠢᠯᠡᠬᠦ ᠬᠠᠨᠳᠤᠰᠢ ᠳᠤ ᠵᠣᠬᠢᠴᠠᠭᠤᠯᠤᠨ᠂ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠨᠡᠩ ᠰᠠᠶᠢᠲᠤᠷ ᠠᠰᠢᠭᠯᠠᠵᠤ᠂ ᠠᠵᠤ ᠠᠬᠤᠶᠢᠯᠠᠯ ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠬᠥᠬᠡᠬᠤᠲᠠ ᠶᠢᠨ ᠭᠠᠳᠠᠭᠠᠳᠤ ᠳᠤ ᠪᠡᠯᠡ ᠣᠷᠣᠭᠤᠯᠬᠤ ᠳᠠᠩᠰᠠᠯᠠᠭᠤᠯᠤᠭᠰᠠᠨ ᠲᠥᠷᠥᠯ ᠵᠦᠢᠯ ᠤᠨ ᠲᠤᠭ᠎ᠠ ᠦᠷᠭᠦᠯᠵᠢᠯᠡᠨ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 71% ᠨᠡᠮᠡᠭᠳᠡᠵᠦ᠂ ᠵᠥᠪᠳᠡᠯᠴᠡᠭᠡᠷ ᠤᠨ ᠪᠡᠯᠡ ᠣᠷᠣᠭᠤᠯᠤᠯᠲᠠ ᠶᠢ 3.05 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠪᠡ᠃           ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠠᠳᠠᠭᠠᠳᠤ ᠳᠤ ᠪᠡᠯᠡ ᠣᠷᠣᠭᠤᠯᠬᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠭᠠᠳᠠᠭᠰᠢ ᠭᠠᠷᠬᠤ︾ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠠᠰᠢᠭᠯᠠᠨ᠂ ᠠᠵᠤ ᠠᠬᠤᠶᠢᠯᠠᠯ ᠢ ᠵᠢᠯᠣᠭᠤᠳᠤᠨ ︽ᠨᠢᠭᠡ ᠪᠦᠰᠡ ᠨᠢᠭᠡ ᠵᠠᠮ︾ ᠵᠡᠷᠭᠡ ᠭᠤᠣᠯᠳᠠᠯᠭ᠎ᠠ ᠲᠠᠢ ᠤᠯᠤᠰ ᠤᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ᠂ ᠪᠡᠯᠡ ᠣᠷᠣᠭᠤᠯᠤᠯᠲᠠ ᠶᠢᠨ ᠲᠦᠭᠰᠢᠭᠦᠷᠢ ᠵᠢᠴᠢ ᠤᠯᠤᠰ ᠤᠨ ᠭᠠᠳᠠᠭᠠᠳᠤ ᠳᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠰᠤᠷᠤᠯᠴᠠᠵᠤ ᠡᠵᠡᠮᠳᠡᠬᠦ ᠶᠢ ᠴᠢᠩᠭᠠᠳᠬᠠᠨ᠎ᠠ᠃ ᠭᠠᠵᠠᠷ ᠣᠷᠣᠨ ᠤ ᠳᠠᠪᠠᠭᠤᠯᠢᠭ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠠᠵᠤ ᠦᠢᠯᠡᠰ ᠤᠨ ᠬᠡᠯᠬᠢᠶ᠎ᠡ ᠶᠢᠨ ᠬᠢᠯᠢ ᠠᠯᠤᠰᠯᠠᠭᠰᠠᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠴᠢᠩᠭᠠᠳᠬᠠᠵᠤ᠂ ᠳᠤᠮᠳᠠ ᠠᠽᠢᠶ᠎ᠠ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠶᠠᠫᠤᠨ ᠺᠣᠷᠢᠶᠠ ᠵᠢᠴᠢ ᠠᠹᠷᠢᠺᠠ ᠲᠢᠪ ᠤᠨ ᠤᠯᠤᠰ ᠤᠨ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠵᠦ᠂ ᠠᠵᠤ ᠠᠬᠤᠶᠢᠯᠠᠯ ᠬᠢᠭᠡᠳ ᠤᠯᠤᠰ ᠠᠯᠤᠰᠯᠠᠭᠰᠠᠨ ᠺᠣᠮᠫᠠᠨᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠭᠠᠳᠠᠭᠠᠳᠤ ᠶᠢᠨ ᠴᠢᠨᠠᠷ ᠰᠠᠶᠢᠲᠠᠢ ᠲᠥᠷᠥᠯ ᠵᠦᠢᠯ ᠪᠠ ᠲᠡᠷᠢᠭᠦᠨ ᠤ ᠮᠡᠷᠭᠡᠵᠢᠯ ᠢ ᠤᠯᠤᠰ ᠤᠨ ᠳᠣᠲᠣᠭᠠᠳᠤ ᠳᠤ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠡᠶᠡᠯᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号