︵ᠰᠤᠷᠪᠤᠯᠵᠢᠯᠠᠭᠴᠢ ᠶᠦᠨ ᠶᠠᠨ ᠹᠠᠩ︶ ᠣᠶᠢᠯᠠᠭᠠᠭᠰᠠᠨ ᠢᠶᠠᠷ᠂ 9 ᠳ᠋ᠦ᠋ᠭᠡᠷ ᠰᠠᠷ᠎ᠠ ᠶᠢᠨ 21 ᠤ ᠡᠳᠦᠷ | ᠬᠥᠬᠡᠬᠤᠲᠠ ᠶᠢᠨ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠦᠷᠢ | ᠣᠯᠭᠤᠬᠤ ᠠᠵᠢᠯᠯᠠᠭ᠎ᠠ ᠲᠦᠷᠭᠡᠨ ᠲᠥᠯᠥᠬᠦ App ᠰᠦᠯᠵᠢᠶᠡᠨ ᠳᠤ ᠭᠠᠷᠤᠭᠰᠠᠨ ᠠᠴᠠ ᠨᠠᠭᠠᠰᠢ᠂ ᠣᠳᠣ ᠪᠣᠯᠲᠠᠯ᠎ᠠ | ᠭᠡᠷ ᠤᠨ ᠴᠠᠬᠢᠯᠭᠠᠨ ᠬᠡᠷᠡᠭᠰᠡᠯ ᠤᠨ ᠠᠷᠠᠯᠵᠢᠶᠠᠨ ᠤ ᠲᠤᠭ᠎ᠠ 2.3 ᠲᠦᠮᠡ ᠬᠦᠷᠴᠦ᠂ ᠪᠣᠷᠤᠯᠠᠭᠤᠯᠭ᠎ᠠ ᠶᠢᠨ ᠵᠣᠭᠤᠰ ᠤᠨ | ᠲᠤᠭ᠎ᠠ 1.5 ᠳ᠋ᠦᠩᠰᠢᠭᠤᠷ ᠲᠥᠭᠦᠷᠢᠭ ᠣᠷᠴᠢᠮ ᠬᠦᠷᠴᠦ᠂ ᠪᠣᠷᠣᠯᠠᠭᠤᠯᠤᠯᠲᠠ ᠶᠢᠨ ᠬᠡᠮᠵᠢᠶ᠎ᠡ ᠨᠢ ᠥᠪᠡᠷᠲᠡᠭᠡᠨ | ᠵᠠᠰᠠᠬᠤ ᠣᠷᠣᠨ ᠤ ᠲᠡᠷᠢᠭᠦᠨ ᠳᠤ ᠣᠷᠣᠵᠤ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠨᠢ ᠠᠯᠬᠤᠮ | ᠠᠯᠬᠤᠮ ᠢᠶᠠᠷ ᠢᠯᠡᠷᠬᠡᠢ ᠪᠣᠯᠵᠠᠢ᠃ | ᠲᠠᠨᠢᠯᠴᠠᠭᠤᠯᠤᠭᠰᠠᠨ ᠢᠶᠠᠷ᠂ ᠬᠥᠬᠡᠬᠤᠲᠠ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠨᠥᠬᠦᠪᠦᠷᠢ ᠶᠢᠨ ᠠᠵᠢᠯᠯᠠᠭ᠎ᠠ ᠶᠢᠨ ᠪᠣᠳᠠᠲᠠᠢ ᠪᠠᠶᠢᠳᠠᠯ ᠢ ᠦᠨᠳᠦᠰᠦᠯᠡᠨ᠂ ᠭᠡᠷ ᠤᠨ ᠴᠠᠬᠢᠯᠭᠠᠨ ᠬᠡᠷᠡᠭᠰᠡᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠨᠤᠭᠤᠯᠤᠨ ᠪᠤᠳᠤᠬᠤ ᠲᠡᠮᠳᠡᠭᠲᠦ ᠶᠢ ᠬᠢᠨᠠᠨ ᠬᠠᠰᠤᠬᠤ | ᠬᠤᠭᠤᠴᠠᠭᠠᠨ ᠳᠤ ᠡᠩ ᠲᠡᠷᠢᠭᠦᠨ ᠳᠤ ᠲᠣᠬᠢᠷᠠᠭᠤᠯᠤᠯᠲᠠ ᠬᠢᠵᠦ᠂ 10 ᠳ᠋ᠤᠭᠠᠷ ᠰᠠᠷ᠎ᠠ ᠶᠢᠨ 5 ᠤ ᠡᠳᠦᠷ ᠠᠴᠠ | ᠡᠬᠢᠯᠡᠨ᠂ ᠨᠤᠭᠤᠯᠤᠨ ᠪᠤᠳᠤᠬᠤ ᠲᠡᠮᠳᠡᠭᠲᠦ ᠶᠢᠨ ᠬᠦᠴᠦᠨ ᠲᠠᠢ ᠬᠤᠭᠤᠴᠠᠭ᠎ᠠ ᠶᠢ 7 × 24 ×ᠴᠠᠭ | ᠪᠠᠶᠢᠭᠰᠠᠨ ᠠᠴᠠ ᠨᠢ ᠲᠤᠬᠠᠢ ᠶᠢᠨ ᠡᠳᠦᠷ ᠲᠡᠭᠡᠨ ᠬᠦᠴᠦᠨ ᠲᠠᠢ ᠪᠣᠯᠭᠠᠨ ᠲᠣᠬᠢᠷᠠᠭᠤᠯᠵᠤ᠂ ᠬᠡᠷᠡᠭᠯᠡᠭᠡᠨ ᠤ | ᠣᠶᠢᠯᠠᠭᠠᠯᠲᠠ ᠶᠢ ᠨᠠᠩ ᠰᠠᠶᠢᠵᠢᠷᠠᠭᠤᠯᠵᠤ᠂ ᠨᠠᠩ ᠣᠯᠠᠨ ᠬᠡᠷᠡᠭᠯᠡᠭᠴᠢᠳ ᠲᠤ ᠠᠰᠢᠭ ᠬᠦᠷᠲᠡᠭᠡᠪᠡ᠃ ᠡᠭᠦᠨ ᠠᠴᠠ | ᠭᠠᠳᠠᠨ᠎ᠠ᠂ ᠡᠯ᠎ᠡ ᠭᠡᠷ ᠤᠨ ᠴᠠᠬᠢᠯᠭᠠᠨ ᠬᠡᠷᠡᠭᠰᠡᠯ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠠᠰᠢᠭ ᠬᠦᠷᠲᠡᠭᠡᠨ | ᠬᠠᠷᠠᠭᠠᠯᠵᠠᠯ ᠦᠵᠡᠭᠦᠯᠬᠦ ᠠᠵᠢᠯᠯᠠᠭ᠎ᠠ ᠥᠷᠨᠢᠭᠦᠯᠵᠦ᠂ ᠵᠠᠰᠠᠭ ᠤᠨ ᠣᠷᠳᠣᠨ ᠤ ᠨᠥᠬᠦᠪᠦᠷᠢ ᠶᠢ ᠳᠠᠪᠬᠤᠷᠳᠠᠭᠤᠯᠵᠤ᠂ | ᠣᠶᠤᠨᠴᠢ ᠪᠣᠬᠢᠷᠲᠤᠯ ᠦᠭᠡᠢ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢ ᠳᠡᠭᠡᠭᠰᠢᠯᠡᠭᠦᠯᠬᠦ ᠳᠤ ᠢᠳᠡᠪᠬᠢᠲᠡᠢ | ᠦᠢᠯᠡᠳᠦᠯ ᠦᠵᠡᠭᠦᠯᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠬᠥᠬᠡᠬᠤᠲᠠ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠪᠠᠶᠢᠳᠠᠯ ᠢ | ᠦᠨᠳᠦᠰᠦᠯᠡᠨ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠪᠡᠯᠡ | ᠮᠥᠩᠭᠦ ᠶᠢᠨ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ | ᠪᠠᠳᠠᠷᠠᠭᠤᠯᠬᠤ ᠪᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ |