ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠤᠭᠴᠠᠶᠢᠨ ᠤᠬᠠᠮᠰᠠᠷ ᠢ ᠪᠠᠲᠤ ᠱᠤᠭᠤᠵᠤ᠂ ᠨᠠᠮ ᠤᠨ ᠭᠡᠰᠢᠭᠦᠨ ᠺᠠᠳ᠋ᠷ ᠤᠨ ᠨᠢᠭᠲᠠᠷᠠᠭᠤᠯᠬᠤ ᠬᠦᠴᠦᠨ ᠢ | ᠳᠡᠭᠡᠭᠰᠢᠯᠡᠭᠦᠯᠵᠦ᠂ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠪᠠᠶᠢᠭᠠᠳ ᠭᠠᠪᠢᠶᠠᠲᠤ ᠵᠢᠱᠢᠶᠡᠴᠢ ᠬᠥᠮᠦᠰ ᠢᠶᠠᠷ | ᠳᠠᠭᠤᠷᠢᠶᠠᠯ ᠪᠣᠯᠭᠠᠵᠤ᠂ ᠪᠠᠭᠠᠲᠤᠷᠴᠤᠳ ᠤᠨ ᠵᠣᠷᠢᠭ ᠰᠠᠨᠠᠭ᠎ᠠ ᠶᠢ ᠰᠡᠳᠭᠢᠯ ᠳᠤ ᠰᠢᠩᠭᠡᠭᠡᠵᠦ᠂ ᠦᠢᠯᠡ ᠠᠵᠢᠯᠯᠠᠭ᠎ᠠ | ᠪᠠᠨ ᠢᠯᠡᠷᠡᠭᠦᠯᠬᠦ ᠶᠢᠨ ᠲᠥᠯᠥᠭᠡ ᠶᠤᠮ᠃ 10 ᠰᠠᠷ᠎ᠠ ᠶᠢᠨ 23 ᠤ ᠡᠳᠦᠷ᠂ ᠬᠤᠲᠣᠩ ᠠᠷᠠᠳ ᠤᠨ ᠲᠣᠭᠤᠷᠢᠭ ᠤᠨ | ᠡᠪᠯᠡᠯ ᠤᠨ ᠬᠤᠷᠢᠶ᠎ᠠ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠤᠯᠠᠭᠠᠨ ᠲᠢᠶᠠᠲᠷ ᠲᠤ ᠬᠦᠷᠴᠦ | ᠶᠠᠷᠢᠶᠠᠲᠤ ᠵᠦᠴᠦᠭᠡ ︽ᠴᠢ ᠮᠧᠢ ᠳ᠋ᠥᠸᠧ ᠵᠢᠢ︾ ᠢ ᠰᠣᠨᠢᠷᠬᠠᠪᠠ᠃ | | ︽ᠴᠢ ᠮᠧᠢ ᠳ᠋ᠥᠸᠧ ᠵᠢᠢ︾ ᠨᠢ ︽ᠴᠠᠭ ᠦᠶ᠎ᠡ ᠶᠢᠨ ᠵᠢᠱᠢᠶᠡᠴᠢ︾᠂ ︽ᠪᠦᠬᠦ ᠤᠯᠤᠰ ᠤᠨ ᠬᠥᠳᠡᠯᠮᠦᠷᠢ ᠶᠢᠨ | ᠵᠢᠱᠢᠶᠡᠴᠢ︾᠂ ︽ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ︾᠂ ︽ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠥᠨ︾᠂ ︽ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ | ᠭᠡᠰᠢᠭᠦᠨ︾᠂ ᠰᠧᠴᠤᠸᠠᠨ ᠮᠤᠵᠢ ᠶᠢᠨ ᠭᠠᠷᠽᠧ ᠰᠢᠶᠠᠨ ᠤ ᠰᠢᠤᠳᠠᠨ ᠤ ᠬᠤᠪᠢᠶᠠᠷᠢ ᠺᠣᠮᠫᠠᠨᠢ ᠶᠢᠨ ᠰᠢᠤᠳᠠᠨ | ᠲᠤᠪᠴᠢᠶᠠᠨ ᠤ ᠲᠡᠷᠭᠡᠨ ᠤ ᠵᠢᠯᠣᠭᠤᠴᠢ᠄ ᠴᠢ ᠮᠧᠢ ᠳ᠋ᠥᠸᠧ ᠵᠢᠢ ᠪᠠᠷ ᠭᠤᠣᠯ ᠪᠠᠭᠠᠲᠤᠷ ᠪᠣᠯᠭᠠᠵᠤ᠂ ᠲᠡᠭᠦᠨ ᠤ | ᠭᠤᠴᠢᠨ ᠣᠨ ᠢ ᠨᠢᠭᠡᠯᠡ ᠡᠳᠦᠷ ᠰᠢᠭ ᠭᠠᠷᠮᠠᠭᠠᠢ ᠠᠵᠢᠯᠯᠠᠨ ᠲᠥᠪᠡᠳ ᠰᠧᠴᠤᠸᠠᠨ ᠤ ᠴᠠᠰᠤᠨ ᠵᠠᠮ ᠤᠨ ᠰᠢᠤᠳᠠᠨ | ᠵᠠᠮ ᠳᠠᠬᠢ ᠡᠭᠡᠯ ᠵᠢᠷ ᠢᠶᠠᠷ ᠶᠡᠷᠦ ᠪᠤᠰᠤ ᠶᠢᠨ ᠪᠠᠲᠤ ᠰᠠᠬᠢᠬᠤ ᠪᠠ ᠦᠢᠯᠡᠰ ᠢᠶᠠᠨ ᠳᠡᠭᠡᠳᠦᠯᠡᠨ ᠬᠠᠷᠢᠭᠤᠴᠠᠯᠭ᠎ᠠ | ᠡᠭᠦᠷᠭᠡᠯᠡᠬᠦ ᠶᠢ ᠠᠮᠢᠳᠤᠯᠢᠭ ᠢᠶᠠᠷ ᠢᠯᠡᠷᠡᠭᠦᠯᠵᠦ᠂ ᠮᠦᠨᠴᠦ ᠴᠢ ᠮᠧᠢ ᠳ᠋ᠥᠸᠧ ᠵᠢᠢ ᠲᠠᠢ ᠬᠠᠮᠲᠤ ᠪᠠᠶᠢᠭ᠎ᠠ ᠪᠦᠯᠬᠦᠮ ᠤᠨ | ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ᠂ ᠪᠦᠯᠬᠦᠮᠳᠡᠯ ᠲᠠᠢ ᠨᠥᠬᠦᠷᠰᠡᠭ᠂ ᠠᠷᠠᠳ ᠲᠦᠮᠡᠨ ᠳᠡᠭᠡᠨ | ᠬᠤᠪᠢ ᠨᠡᠮᠡᠷᠢ ᠦᠵᠡᠭᠦᠯᠬᠦ ᠡᠷᠬᠢᠮ ᠳᠡᠭᠡᠳᠦ ᠵᠠᠩ ᠰᠡᠳᠬᠢᠯᠭᠡ ᠶᠢ ᠢᠯᠡᠷᠡᠭᠦᠯᠵᠡᠢ᠃ | | ᠲᠣᠰ ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠭᠦᠨ ᠭᠦᠨᠵᠡᠭᠡᠢ ᠦᠵᠡᠯ ᠰᠠᠨᠠᠭᠠᠨ ᠤ ᠬᠥᠮᠦᠵᠢᠯ | ᠪᠣᠯᠬᠤ ᠪᠠᠷ ᠪᠠᠷᠠᠬᠤ ᠦᠭᠡᠢ᠂ ᠨᠠᠩ ᠴᠤ ᠨᠢᠭᠡ ᠤᠳᠠᠭᠠᠨ ᠤ ᠣᠶᠤᠨ ᠰᠠᠨᠠᠭᠠᠨ ᠤ ᠳᠠᠪᠲᠠᠯᠭ᠎ᠠ ᠪᠣᠯᠣᠨ᠎ᠠ᠂ | ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠬᠤᠶᠢᠰᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ︽ᠴᠠᠭ ᠦᠶ᠎ᠡ ᠶᠢᠨ ᠵᠢᠱᠢᠶᠡᠴᠢ︾ ᠨᠥᠬᠦᠳ ᠤᠨ ᠲᠡᠷᠢᠭᠦᠨ ᠤ ᠦᠢᠯᠡ ᠠᠵᠢᠯᠯᠠᠭ᠎ᠠ ᠶᠢ ᠭᠦᠨᠵᠡᠭᠡᠢ ᠰᠤᠷᠤᠯᠴᠠᠵᠤ᠂ ᠤᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠵᠢᠯ ᠤᠨ ᠪᠠᠶᠢᠷᠢ ᠪᠠᠨ | ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠯᠠᠪᠳᠠᠭᠤᠨ ᠪᠠᠲᠤᠲᠠᠢ ᠠᠵᠢᠯᠯᠠᠨ᠎ᠠ ᠭᠡᠵᠡᠢ᠃ | ᠳᠠᠷᠠᠭᠠᠴᠢ ᠶᠢᠨ ᠠᠯᠬᠤᠮ ᠳᠤ᠂ ᠡᠪᠯᠡᠯ ᠤᠨ ᠬᠤᠷᠢᠶ᠎ᠠ ᠶᠢᠨ ᠬᠢᠨ ︽ᠴᠠᠭ ᠦᠶ᠎ᠡ ᠶᠢᠨ ᠦᠯᠢᠭᠡᠷ ᠳᠠᠭᠤᠷᠢᠶᠠᠯ︾ ᠢᠶᠠᠷ | ᠲᠣᠯᠢ ᠪᠣᠯᠭᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠨᠢᠭᠡᠳᠦᠯᠲᠡᠢ ᠪᠠᠶᠢᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠴᠢ ᠮᠧᠢ ᠳ᠋ᠥᠸᠧ ᠵᠢᠢ ᠪᠠᠷ ᠳᠠᠭᠤᠷᠢᠶᠠᠯ ᠪᠣᠯᠭᠠᠵᠤ᠂ | ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠭᠤᠶᠠᠴᠢ ᠦᠭᠡᠢ ᠵᠢᠳᠬᠦᠵᠦ᠂ ᠠᠵᠢᠯ ᠤᠨ ᠳᠤᠮᠳᠠ ᠪᠠᠨ ᠰᠢᠨ᠎ᠡ ᠴᠠᠭ | ᠦᠶ᠎ᠡ ᠶᠢᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ | ᠦᠢᠯᠡᠳᠦᠯᠭᠡᠵᠢᠭᠦᠯᠬᠦ ᠪᠠᠷ ᠪᠡᠯᠡᠬᠡᠨ ᠪᠠᠶᠢᠨ᠎ᠠ᠃ |