ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/10/29
    ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠬᠤ ᠶᠢᠨ ᠲᠥᠯᠥᠭᠡ᠂ ᠬᠠᠷᠢᠶᠠᠲᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠵᠡᠭᠡᠯᠢ ᠭᠤᠳᠤᠮᠵᠢ ᠶᠢᠨ ᠠᠯᠪᠠᠨ ᠭᠡᠷ᠂ ᠵᠠᠬ᠎ᠠ ᠳᠡᠯᠭᠡᠭᠦᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠭᠠᠵᠠᠷ ᠲᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ︽ᠠᠮᠤᠷ ᠲᠦᠪᠰᠢᠨ ᠤ ᠪᠣᠭᠤᠮᠲᠠ︾  ᠶᠢ ᠦᠨᠡᠨᠬᠦ ᠰᠠᠶᠢᠲᠤᠷ ᠠᠳᠬᠤᠪᠠ᠃
    ᠡᠨᠡ ᠬᠤᠭᠤᠴᠠᠭᠠᠨ ᠳᠤ᠂ ᠪᠠᠶᠢᠴᠠᠭᠠᠬᠤ ᠳᠤᠭᠤᠶᠢᠯᠠᠩ ᠨᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠲᠠᠯᠠᠪᠤᠷ ᠲᠤ ︽ᠭᠤᠷᠪᠠ ᠶᠢ ᠨᠢᠭᠡᠳᠬᠡᠭᠰᠡᠨ︾ ᠪᠠᠶᠢᠳᠠᠯ ᠣᠷᠣᠰᠢᠵᠤ ᠪᠠᠶᠢᠬᠤ ᠡᠰᠡᠬᠦ᠂ ᠴᠠᠬᠢᠯᠭᠠᠨ ᠬᠤᠷᠢᠶᠠᠭᠤᠷ ᠪᠣᠷᠣᠯᠠᠭᠤᠯᠤᠭᠰᠠᠨ ᠡᠰᠡᠬᠦ᠂ ᠴᠠᠬᠢᠯᠭᠠᠨ ᠴᠡᠨᠡᠭᠯᠡᠬᠦ ᠲᠣᠨᠤᠭ ᠲᠥᠬᠦᠭᠡᠷᠦᠮᠵᠢ ᠤᠭᠰᠠᠷᠠᠭᠰᠠᠨ ᠨᠢ ᠵᠢᠷᠤᠮᠵᠢᠯ ᠳᠤ ᠨᠡᠶᠢᠴᠡᠬᠦ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠥᠬᠦᠭᠡᠷᠦᠮᠵᠢ ᠨᠢ ᠪᠦᠷᠢᠨ ᠪᠦᠲᠦᠨ ᠪᠥᠭᠡᠳ ᠬᠦᠴᠦᠨ ᠲᠠᠢ ᠪᠠᠶᠢᠬᠤ ᠡᠰᠡᠬᠦ᠂ ᠠᠵᠢᠯᠲᠠᠳ ᠠᠵᠢᠯᠯᠠᠵᠤ ᠬᠡᠷᠡᠭᠯᠡᠵᠦ ᠴᠢᠳᠠᠬᠤ ᠡᠰᠡᠬᠦ᠂ ᠴᠠᠬᠢᠯᠭᠠᠨ ᠴᠡᠨᠡᠭᠯᠡᠬᠦ ᠣᠷᠣᠨ ᠳᠤ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠵᠤ ᠵᠠᠯᠭᠠᠬᠤ ᠦᠵᠡᠭᠳᠡᠯ ᠪᠠᠶᠢᠬᠤ ᠡᠰᠡᠬᠦ᠂ ᠲᠡᠷᠭᠡ ᠬᠥᠰᠬᠡ ᠶᠢ ᠪᠣᠷᠣᠯᠠᠭᠤᠯᠬᠤ ᠳᠤ ᠬᠢᠷᠢ ᠲᠡᠩᠴᠡᠭᠰᠡᠨ ᠦᠨᠡᠮᠯᠡᠯ ᠲᠠᠢ ᠪᠠᠶᠢᠬᠤ ᠡᠰᠡᠬᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠨᠡᠮᠡᠵᠦ ᠤᠭᠰᠠᠷᠠᠭᠰᠠᠨ ᠡᠰᠡᠬᠦ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠷ ᠪᠥᠬᠦ ᠲᠠᠯ᠎ᠠ ᠶᠢᠨ ᠪᠠᠶᠢᠴᠠᠭᠠᠯᠲᠠ ᠬᠢᠪᠡ᠃ ᠣᠯᠵᠤ ᠮᠡᠳᠡᠭᠰᠡᠨ ᠭᠠᠯ ᠤᠨ ᠭᠠᠮᠰᠢᠭ ᠤᠨ ᠳᠠᠯᠳᠠ ᠬᠡᠮ ᠪᠠ ᠭᠠᠯ ᠤᠨᠲᠠᠷᠠᠭᠠᠬᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠡᠯ᠎ᠡ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ᠴᠠᠭ ᠢ ᠠᠮᠵᠢᠨ ᠴᠡᠭᠴᠡᠯᠡᠨ ᠰᠠᠶᠢᠵᠢᠷᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠬᠦᠷᠢᠶᠡᠨ ᠳᠠᠬᠢ ᠡᠬᠢ ᠡᠭᠦᠰᠦᠯ ᠠᠴᠠ ᠨᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ ᠤᠨ ᠠᠳᠡᠯ ᠭᠠᠷᠬᠤ ᠶᠢ ᠡᠵᠡᠮᠳᠡᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠪᠠᠶᠢᠴᠠᠭᠠᠬᠤ ᠠᠵᠢᠯᠲᠠᠨ ᠪᠠᠰᠠ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠭᠴᠢᠳ ᠲᠤ ᠵᠢᠩᠬᠢᠨᠢ ᠦᠢᠯᠡᠳᠪᠦᠷᠢ ᠶᠢᠨ ᠬᠢᠷᠢ ᠲᠡᠩᠴᠡᠭᠰᠡᠨ ᠦᠢᠯᠡᠳᠬᠦᠨ ᠢ ᠪᠣᠷᠣᠯᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠴᠢ ᠳ᠋ᠢᠶᠠᠨ ᡂᠢ ᠶᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠵᠤ ᠪᠣᠯᠬᠤ ᠦᠭᠡᠢ᠂ ᠬᠡᠷᠡᠭᠯᠡᠭᠴᠢᠳ ᠲᠤ ᠵᠥᠪ ᠣᠨᠣᠪᠴᠢᠲᠠᠶ ᠴᠠᠬᠢᠯᠭᠠᠨ ᠴᠡᠨᠡᠭᠯᠡᠬᠦ ᠠᠩᠬᠠᠷᠬᠤ ᠵᠦᠢᠯᠡᠰ ᠢ ᠲᠦᠭᠡᠮᠡᠯᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠠᠷᠢᠮᠵᠢᠶ᠎ᠠ ᠳᠤ ᠨᠡᠶᠢᠴᠡᠬᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠤᠳᠠᠯᠳᠤᠨ ᠠᠪᠤᠭᠤᠯᠵᠤ᠂ ᠬᠡᠷᠡᠭᠯᠡᠬᠦ ᠬᠡᠷᠡᠭᠲᠡᠢ ᠭᠡᠵᠦ ᠵᠠᠬᠢᠪᠠ᠃     ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ ᠣᠷᠣᠨ ᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠪᠣᠷᠣᠯᠠᠭᠤᠯᠬᠤ ᠲᠠᠯᠠᠪᠤᠷ ᠤᠨ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠪᠠ᠃ ᠲᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠠᠷᠢᠶᠠᠲᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠳᠡᠯᠭᠡᠭᠦᠷ᠂ ᠨᠡᠶᠢᠭᠡᠮ ᠲᠣᠭᠤᠷᠢᠭ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠠᠵᠢᠯ ᠢ ᠲᠦᠯᠬᠢᠨ ᠠᠬᠢᠭᠤᠯᠵᠤ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号