︽ᠠᠯᠲᠠᠨ ᠨᠠᠮᠤᠷ ᠠᠵᠢᠯ ᠣᠯᠭᠤᠨ ᠠᠯᠤᠰ ᠢᠢᠷᠡᠭᠡᠳᠦᠢ ᠳᠤ ᠲᠤᠰᠢᠶᠠᠯ ᠡᠷᠬᠢᠯᠡᠬᠦ︾  ᠥᠪᠡᠷᠲᠡᠭᠡᠨ ᠵᠠᠰᠠᠬᠤ ᠣᠷᠣᠨ 2024 ᠣᠨ ᠤ ᠠᠯᠲᠠᠨ ᠨᠠᠮᠤᠷ ᠤᠨ ᠠᠵᠢᠯᠲᠠᠨ ᠡᠯᠰᠡᠬᠦ ᠰᠠᠷ᠎ᠠ ᠶᠢᠨ ᠠᠵᠢᠯᠯᠠᠭ᠎ᠠ ᠵᠢᠴᠢ ᠲᠤᠰᠬᠠᠢ ᠠᠵᠢᠯᠲᠠᠨ ᠡᠯᠰᠡᠬᠦ ᠬᠤᠷᠠᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2024/10/30
 10 ᠰᠠᠷ᠎ᠠ ᠶᠢᠨ 26 ᠤ ᠡᠳᠦᠷ᠂ ︽ᠠᠯᠲᠠᠨ ᠨᠠᠮᠤᠷ ᠠᠵᠢᠯ ᠣᠯᠭᠤᠨ ᠠᠯᠤᠰ ᠢᠢᠷᠡᠭᠡᠳᠦᠢ ᠳᠤ ᠲᠤᠰᠢᠶᠠᠯ ᠡᠷᠬᠢᠯᠡᠬᠦ ︾  ᠥᠪᠡᠷᠲᠡᠭᠡᠨ ᠵᠠᠰᠠᠬᠤ ᠣᠷᠣᠨ 2024 ᠣᠨ ᠤ ᠠᠯᠲᠠᠨ ᠨᠠᠮᠤᠷ ᠤᠨ ᠠᠵᠢᠯᠲᠠᠨ ᠡᠯᠰᠡᠬᠦ ᠰᠠᠷ᠎ᠠ ᠶᠢᠨ ᠠᠵᠢᠯᠯᠠᠭ᠎ᠠ ᠵᠢᠴᠢ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠤᠯᠠᠮᠵᠢᠯᠠᠯᠲᠤ ᠠᠷᠠᠯᠵᠢᠶ᠎ᠠ ᠬᠤᠳᠠᠯᠳᠤᠭ᠎ᠠ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠰᠬᠠᠢ ᠲᠠᠯᠠᠪᠠᠶ ᠶᠢᠨ ᠠᠵᠢᠯᠲᠠᠨ ᠡᠯᠰᠡᠬᠦ ᠬᠤᠷᠠᠯ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠲᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ ᠦᠢᠯᠡᠴᠢᠯᠡᠭᠡᠨ ᠤ ᠲᠥᠪ᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢ ᠸᠧᠨ ᠭᠠᠩ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠹᠦ᠋ ᠯᠢᠩ ᠲᠤᠤ ᠠᠵᠢᠯᠯᠠᠭ᠎ᠠ ᠳᠤ ᠣᠷᠣᠯᠴᠠᠪᠠ᠃
    ᠲᠣᠰ ᠤᠳᠠᠭᠠᠨ ᠤ ᠬᠦᠳᠡᠯᠭᠡᠭᠡᠨ  ᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠵᠡᠷᠭᠡ ᠪᠠᠷ ᠥᠷᠨᠢᠭᠦᠯᠵᠦ᠂ ᠠᠵᠢᠯ ᠡᠷᠢᠬᠦ ᠪᠠ ᠠᠵᠢᠯᠲᠠᠨ ᠡᠯᠰᠡᠬᠦ ᠳᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠦᠢᠯᠡᠴᠢᠯᠡᠭᠡ ᠬᠠᠩᠭᠠᠪᠠ᠃ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠶᠢ ᠰᠢᠭᠤᠳ ᠨᠡᠪᠲᠡᠷᠡᠭᠦᠯᠬᠦ ᠶᠢᠨ ᠠᠵᠢᠯ ᠤᠨ ᠪᠠᠶᠢᠷᠢ ᠶᠢ ᠳᠠᠭᠠᠭᠤᠯᠬᠤ ᠲᠤᠰᠬᠠᠢ ᠲᠣᠭᠤᠷᠢᠭ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠲᠤᠰᠬᠠᠢ ᠲᠣᠭᠤᠷᠢᠭ ᠭᠡᠵᠦ ᠬᠤᠪᠢᠶᠠᠨ᠎ᠠ︔ ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠳᠡᠭᠡᠨ ᠲᠣᠮᠣ ᠡᠷᠡᠭᠦᠯ ᠮᠡᠨᠳᠦ ᠶᠢᠨ ᠠᠵᠤ ᠦᠢᠯᠡᠰ ᠤᠨ ᠠᠵᠢᠯᠲᠠᠨ ᠡᠯᠰᠡᠬᠦ ᠲᠤᠰᠬᠠᠢ ᠲᠣᠭᠤᠷᠢᠭ᠂ ᠲᠠᠷᠢᠶᠠᠯᠠᠩ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠤᠨ ᠠᠵᠢᠯᠲᠠᠨ ᠡᠯᠰᠡᠬᠦ ᠲᠤᠰᠬᠠᠢ ᠲᠣᠭᠤᠷᠢᠭ᠂ ᠶᠡᠷᠦᠩᠬᠡᠶᠢᠯᠡᠭᠰᠡᠨ ᠳᠠᠭᠠᠳᠬᠠᠯ ᠤᠨ ᠲᠣᠭᠤᠷᠢᠭ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠᠵᠢᠯᠲᠠᠨ ᠡᠯᠰᠡᠬᠦ ᠲᠤᠰᠬᠠᠢ ᠲᠣᠭᠤᠷᠢᠭ᠂ ᠰᠤᠷᠭᠠᠭᠤᠯᠢ ᠪᠠ ᠠᠵᠤ ᠠᠬᠤᠶᠢᠯᠠᠯ ᠤᠨ ᠪᠠᠩᠬᠢ ᠠᠵᠤ ᠠᠬᠤᠶᠢᠯᠠᠯ ᠤᠨ ᠳᠡᠭᠡᠳᠦ ᠲᠠᠰ ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠲᠤᠰᠬᠠᠢ ᠲᠣᠭᠤᠷᠢᠭ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠦᠢᠯᠡᠴᠢᠯᠡᠭᠡᠨ ᠤ ᠲᠤᠰᠬᠠᠢ ᠲᠣᠭᠤᠷᠢᠭ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠰᠬᠠᠢ ᠲᠣᠭᠤᠷᠢᠭ ᠭᠡᠵᠦ ᠬᠤᠪᠢᠶᠠᠨ᠎ᠠ᠃\
    ᠲᠣᠰ ᠤᠳᠠᠭᠠᠨ ᠤ ᠠᠵᠢᠯᠲᠠᠨ ᠡᠯᠰᠡᠬᠦ ᠬᠦᠳᠡᠯᠭᠡᠭᠡᠨ ᠳᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠠᠭᠤ ᠭᠠᠷᠤᠢ ᠠᠵᠤ ᠠᠬᠤᠶᠢᠯᠠᠯ ᠳᠤ ᠣᠷᠣᠯᠴᠠᠵᠤ᠂ 4000 ᠭᠠᠷᠤᠢ ᠠᠵᠢᠯ ᠤᠨ ᠪᠠᠶᠢᠷᠢ ᠬᠠᠩᠭᠠᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠦᠢᠯᠡᠰ᠂ ᠰᠢᠨ᠎ᠡ ᠪᠠᠷ ᠬᠥᠭᠵᠢᠭᠰᠡᠨ ᠠᠵᠤ ᠦᠢᠯᠡᠰ ᠵᠡᠷᠭᠡ ᠣᠯᠠᠨ ᠠᠵᠢᠯ ᠲᠥᠷᠥᠯ ᠪᠠ ᠬᠦᠷᠢᠶ᠎ᠡ ᠶᠢ ᠬᠠᠮᠤᠷᠴᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 5000 ᠭᠠᠷᠤᠢ ᠠᠵᠢᠯ ᠡᠷᠢᠭᠴᠢ ᠬᠦᠳᠡᠯᠭᠡᠭᠡᠨ ᠳᠤ ᠣᠷᠣᠯᠴᠠᠵᠠᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号