ᠬᠥᠬᠡᠬᠤᠲᠠ ᠢᠷᠡᠭᠡᠳᠦᠢ ᠶᠢᠨ ᠠᠵᠤ ᠦᠢᠯᠡᠰ ᠢ ᠲᠦᠷᠭᠡᠳᠬᠡᠨ ᠪᠠᠶᠢᠷᠢᠰᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/9
     ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠶᠢᠨ ᠵᠢᠯ ᠠᠴᠠ ᠨᠠᠭᠠᠰᠢ᠂ ᠬᠥᠬᠡᠬᠤᠲᠠ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠢᠷᠡᠭᠡᠳᠦᠢ ᠶᠢᠨ ᠮᠡᠳᠡᠭᠡ ᠵᠠᠩᠭᠢ ᠶᠢᠨ ᠠᠵᠤ ᠦᠢᠯᠡᠰ᠂ ᠢᠷᠡᠭᠡᠳᠦᠢ ᠶᠢᠨ ᠣᠭᠲᠠᠷᠭᠤᠢ ᠶᠢᠨ ᠠᠵᠤ ᠦᠢᠯᠡᠰ᠂ ᠢᠷᠡᠭᠡᠳᠦᠢ ᠶᠢᠨ ᠮᠠᠲ᠋ᠧᠷᠢᠶᠠᠯ ᠤᠨ ᠠᠵᠤ ᠦᠢᠯᠡᠰ᠂ ᠢᠷᠡᠭᠡᠳᠦᠢ ᠶᠢᠨ ᠡᠷᠡᠭᠦᠯ ᠮᠡᠨᠳᠦ ᠶᠢᠨ ᠠᠵᠤ ᠦᠢᠯᠡᠰ᠂ ᠢᠷᠡᠭᠡᠳᠦᠢ ᠶᠢᠨ ᠡᠨᠧᠷᠭᠢ ᠶᠢᠨ ᠠᠵᠤ ᠦᠢᠯᠡᠰ ᠵᠡᠷᠭᠡ ᠲᠠᠪᠤᠨ ᠶᠡᠭᠡ ᠬᠦᠷᠢᠶᠡᠨ ᠳᠤ ᠭᠤᠣᠯᠳᠠᠯᠭ᠎ᠠ ᠲᠠᠢ ᠲᠥᠪᠯᠡᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ  ᠢ ᠪᠠᠷᠠᠭᠠᠯᠬᠢᠯᠠᠯᠳᠤ ᠴᠢᠨᠠᠷ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠪᠡ᠃      ᠪᠣᠳᠣᠯᠭ᠎ᠠ ᠶᠢᠨ ᠬᠦᠴᠦᠨ ᠪᠣᠯ ᠬᠥᠬᠡᠬᠤᠲᠠ ᠶᠢᠨ ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠬᠦ ᠭᠤᠣᠯ ᠳᠠᠪᠠᠭᠤᠯᠢᠭ ᠲᠠᠯ᠎ᠠ ᠪᠣᠯᠣᠨ᠎ᠠ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠥᠬᠡᠬᠤᠲᠠ ᠶᠢᠨ ᠶᠡᠷᠦᠩᠬᠡᠢ ᠪᠣᠳᠣᠯᠭ᠎ᠠ ᠶᠢᠨ ᠬᠦᠴᠦᠨ ᠤ ᠬᠡᠪᠴᠢᠶ᠎ᠡ 2.4 ᠲᠦᠮᠡᠨ P ᠬᠦᠷᠴᠡᠢ᠂ ᠡᠭᠦᠨ ᠳᠤ ᠣᠶᠤᠨᠴᠢ ᠪᠣᠳᠣᠯᠭ᠎ᠠ ᠶᠢᠨ ᠬᠦᠴᠦᠨ ᠤ ᠬᠡᠪᠴᠢᠶ᠎ᠡ 2.18 ᠲᠦᠮᠡᠨ P ᠪᠠᠶᠢᠵᠤ᠂ ᠬᠢᠮᠡᠯ ᠣᠶᠤᠨ᠂ ᠲᠣᠮᠣ ᠵᠠᠭᠪᠤᠷ ᠤᠨ ᠪᠣᠯᠪᠠᠰᠤᠷᠠᠯ᠂ ᠪᠣᠳᠣᠯᠭ᠎ᠠ ᠶᠢᠨ ᠬᠦᠴᠦᠨ ᠤ ᠲᠣᠣᠷ ᠰᠦᠯᠵᠢᠶ᠎ᠡ᠂ ᠭᠧᠨ ᠤ ᠬᠠᠳᠠᠭᠠᠯᠠᠮᠵᠢ ᠵᠡᠷᠭᠡ ᠢᠷᠡᠭᠡᠳᠦᠢ ᠶᠢᠨ ᠠᠵᠤ ᠦᠢᠯᠡᠰ ᠤᠨ ᠪᠠᠶᠢᠷᠢᠯᠠᠭᠤᠯᠤᠯᠲᠠ ᠳᠤ ᠪᠣᠳᠣᠯᠭ᠎ᠠ ᠶᠢᠨ ᠬᠦᠴᠦᠨ ᠤ ᠰᠠᠭᠤᠷᠢ ᠲᠠᠯᠪᠢᠵᠤ ᠥᠭᠴᠡᠢ᠃      ᠣᠳᠣᠬᠠᠨ ᠪᠣᠯᠲᠠᠯ᠎ᠠ᠂ ᠬᠥᠬᠡᠬᠤᠲᠠ ᠨᠢᠭᠡᠨᠲᠡ ᠪᠣᠳᠣᠯᠭ᠎ᠠ ᠶᠢᠨ ᠬᠦᠴᠦᠨ ᠤ ᠲᠣᠣᠷ ᠰᠦᠯᠵᠢᠶ᠎ᠡ᠂ ᠣᠶᠤᠨᠲᠤ ᠦᠢᠯᠡᠳᠬᠦ᠂ ᠨᠡᠭᠦᠷᠡᠰᠦᠲᠥ᠋ᠷᠥᠭᠴᠢ ᠰᠠᠭᠤᠷᠢ ᠨᠡᠶᠢᠯᠡᠮᠡᠯ ᠮᠠᠲ᠋ᠧᠷᠢᠶᠠᠯ᠂ ᠰᠤᠷᠪᠤᠯᠵᠢᠲᠤ ᠡᠰ ᠤᠨ ᠠᠮᠢᠳᠤ ᠪᠣᠳᠠᠰ ᠤᠨ ᠮᠡᠷᠭᠡᠵᠢᠯ᠂ ᠳᠣᠬᠢᠭᠤᠷ ᠳᠣᠯᠣᠭᠠᠨ ᠣᠳᠣ ᠵᠠᠮᠴᠢᠯᠠᠭᠤᠷ᠂ ᠲᠣᠮᠣ ᠵᠠᠭᠪᠤᠷ ᠤᠨ ᠪᠣᠯᠪᠠᠰᠤᠷᠠᠯ᠂ ᠭᠡᠷᠡᠯ ᠰᠠᠷᠠᠯᠵᠢ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠲᠣᠨᠣᠭᠯᠠᠯ ᠵᠡᠷᠭᠡ ᠨᠢᠭᠡ ᠪᠦᠯᠦᠭ ᠢᠷᠡᠭᠡᠳᠦᠢ ᠶᠢᠨ ᠠᠵᠤ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ᠢ 113 ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 1038 ᠳ᠋ᠦᠩᠰᠢᠭᠤᠷ ᠲᠥᠭᠦᠷᠢᠭ ᠲᠤ ᠬᠦᠷᠴᠡᠢ᠃ ᠡᠭᠦᠨ ᠳᠤ᠂ ᠪᠢᠩ ᠰᠢᠩ ᠰᠢᠨᠵᠢᠯᠡᠬᠦ ᠤᠬᠠᠭᠠᠨ ᠮᠡᠷᠭᠡᠵᠢᠯ᠂ ᠰᠢᠩ ᠾᠧ ᠬᠥᠳᠡᠯᠭᠡᠬᠦ ᠬᠦᠴᠦᠨ᠂ ᠳᠤᠮᠳᠠᠳᠤ ᠤᠯᠤᠰ ᠤᠨ ᠣᠩᠭᠤᠴᠠᠨ ᠤ ᠳᠡᠭᠡᠳᠦ ᠴᠡᠪᠡᠷ ᠡᠯᠧᠺᠲᠷᠣᠨ ᠬᠡᠢ ᠪᠡᠶᠡᠲᠦ᠂ ᠰᠠᠢ ᠱᠧᠩ ᠨᠡᠭᠦᠷᠡᠰᠦᠲᠥ᠋ᠷᠥᠭᠴᠢᠲᠦ ᠴᠠᠬᠢᠭᠤᠷ ᠤᠨ ᠮᠥᠬᠦᠯᠢᠭ᠂ ᠬᠤᠸᠠ ᠢᠦᠢ ᠰᠤᠷᠪᠤᠯᠵᠢᠲᠤ ᠡᠰ᠂ ᠬᠠᠢ ᠲᠢᠶᠠᠨ ᠲᠠᠷᠢᠬᠢ ᠮᠠᠰᠢᠨ ᠤ ᠠᠭᠤᠯᠵᠠᠷ ᠵᠡᠷᠭᠡ 58 ᠲᠦᠷᠦᠯ ᠵᠦᠢᠯ ᠢ ᠶᠠᠭ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠵᠤ᠂ 55 ᠲᠦᠷᠦᠯ ᠵᠦᠢᠯ ᠶᠠᠭ ᠡᠮᠦᠨᠡᠬᠢ ᠬᠤᠭᠤᠴᠠᠭᠠᠨ ᠤ ᠠᠵᠢᠯ ᠢᠶᠠᠨ ᠥᠷᠨᠢᠭᠦᠯᠵᠦ ᠪᠠᠶᠢᠨ᠎ᠠ᠃      ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠢᠳᠡᠷ ᠬᠡᠯᠡᠬᠦ ᠳᠡᠭᠡᠨ᠄ ᠬᠥᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠪᠦᠲᠦᠮᠵᠢᠲᠡᠢ ᠠᠭᠤᠰᠤᠯᠴᠠᠯ ᠢ ᠴᠢᠩᠭᠠᠳᠬᠠᠵᠤ᠂ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠵᠤ᠂ ᠳᠡᠭᠡᠳᠦ ᠲᠡᠰ ᠤᠨ ᠦᠢᠯᠡᠳᠬᠦ ᠦᠢᠯᠡᠰ᠂ ᠣᠶᠤᠨᠴᠢ ᠦᠢᠯᠡᠳᠬᠦ ᠦᠢᠯᠡᠰ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠣᠶᠢᠵᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠰᠢᠨ᠎ᠡ ᠶᠢ ᠡᠭᠦᠳᠬᠦ ᠬᠤᠯᠪᠣᠯᠳᠤᠨ ᠬᠥᠭᠵᠢᠬᠦ ᠶᠢ ᠠᠬᠢᠭᠤᠯᠵᠤ᠂ ᠤᠯᠠᠨ ᠡᠰᠢᠵᠢᠨ ᠬᠥᠭᠵᠢᠭᠰᠡᠨ ᠤᠯᠠᠨ ᠲᠤᠶᠢᠯᠰᠢᠷᠠᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ ᠭᠡᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号