ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠪᠡᠶ᠎ᠡ ᠴᠢᠭᠢᠷᠠᠭᠵᠢᠭᠤᠯᠬᠤ ᠰᠣᠨᠢᠷᠬᠠᠯᠲᠤ ᠲᠠᠮᠢᠷ ᠤᠨ ᠴᠤᠭᠯᠠᠭᠠᠨ ᠬᠥᠬᠡᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ᠤᠨ ᠪᠡᠶ᠎ᠡ  ᠲᠠᠮᠢᠷ ᠤᠨ ᠲᠠᠯᠠᠪᠠᠶ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/12
    ᠡᠮᠡᠭᠲᠡᠶᠢᠴᠦᠳ ᠤᠨ ᠪᠡᠶ᠎ᠡ ᠴᠢᠭᠢᠷᠠᠭᠵᠢᠭᠤᠯᠬᠤ ᠥᠷᠨᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠤᠷᠤᠯᠳᠤᠭᠠᠨ ᠤ ᠬᠠᠯᠠᠭᠤᠨ ᠰᠡᠳᠬᠢᠯᠭᠡ᠂ ᠡᠷᠡᠯᠬᠡᠭᠯᠡᠨ ᠲᠡᠮᠡᠴᠡᠬᠦ ᠣᠷᠭᠢᠯᠤᠮ᠎ᠠ ᠰᠡᠳᠬᠢᠯᠭᠡ᠂ ᠣᠯᠣᠯᠲᠠ ᠶᠢᠨ ᠪᠠᠶᠠᠷ ᠪᠠᠭ᠋ᠠᠳᠤᠯ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠡᠩ ᠴᠤᠭ ᠪᠠᠳᠠᠷᠠᠩᠭᠤᠢ ᠠᠵᠢᠯ ᠤᠨ ᠬᠠᠯᠠᠭᠤᠨ ᠰᠡᠳᠬᠢᠯᠭᠡ ᠪᠠᠷ ᠬᠤᠶᠢᠰᠢᠳᠠ ᠶᠢᠨ ᠠᠵᠢᠯ ᠳᠤ ᠣᠷᠣᠯᠴᠠᠵᠤ᠂ ᠳᠤᠮᠳᠠᠳᠤ ᠤᠯᠤᠰ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠬᠤ ᠦᠢᠯᠡᠳᠦᠯᠭᠡ ᠳᠤᠮᠳᠠ ᠡᠮᠡᠭᠲᠡᠶᠢᠴᠦᠳ ᠤᠨ ᠬᠠᠷᠢᠭᠤᠴᠠᠯᠭ᠎ᠠ ᠡᠭᠦᠷᠭᠡᠯᠡᠯ ᠂ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠡᠮᠡᠭᠲᠡᠶᠢᠴᠦᠳ ᠤᠨ ᠬᠦᠴᠦᠨ ᠴᠢᠳᠠᠯ ᠢ ᠡᠷᠭᠦᠪᠡ᠃ 11 ᠳ᠋ᠦ᠋ᠭᠡᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ  ᠲᠠᠮᠢᠷ ᠤᠨ ᠦᠢᠯᠡᠴᠢᠯᠡᠭᠡᠨ ᠤ ᠲᠥᠪ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤᠲᠣᠩ ᠠᠷᠠᠳ ᠤᠨ ᠲᠣᠭᠤᠷᠢᠭ ᠤᠨ ᠰᠣᠶᠣᠯ ᠪᠡᠶ᠎ᠡ  ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠣᠩ ᠠᠷᠠᠳ ᠤᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠳᠠᠭᠠᠭᠠᠴᠢᠯᠠᠨ ᠡᠷᠭᠢᠯᠡᠭᠰᠡᠨ ︽ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠥᠵᠢᠭᠯᠡᠵᠦ᠂ ᠲᠠᠮᠢᠷ ᠤᠨ ᠬᠥᠳᠡᠯᠭᠡᠭᠡᠨ ᠨᠢ ᠢᠷᠠᠭᠤ ᠠᠯᠳᠠᠷ ᠢᠶᠠᠨ ᠪᠠᠳᠠᠷᠠᠭᠤᠯᠤᠶ᠎ᠠ︾ ᠭᠡᠬᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠪᠡᠶ᠎ᠡ ᠴᠢᠭᠢᠷᠠᠭᠵᠢᠭᠤᠯᠬᠤ ᠰᠣᠨᠢᠷᠬᠠᠯᠲᠤ ᠪᠡᠶ᠎ᠡ  ᠲᠠᠮᠢᠷ ᠤᠨ ᠴᠤᠭᠯᠠᠭᠠᠨ ᠨᠢ ᠬᠥᠬᠡᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ᠤᠨ ᠪᠡᠶ᠎ᠡ  ᠲᠠᠮᠢᠷ ᠤᠨ ᠲᠠᠯᠠᠪᠠᠶ ᠳᠤ ᠶᠠᠪᠤᠭᠳᠠᠪᠠ᠃
    ᠲᠣᠰ ᠤᠳᠠᠭᠠᠨ ᠤ ᠤᠷᠤᠯᠳᠤᠭᠠᠨ ᠳᠤ ︽ᠰᠠᠬᠤᠯᠢᠭ ᠬᠤᠷᠣᠬᠠᠢ ᠶᠢᠨ ᠬᠤᠷᠳᠤᠴᠠ ᠢᠯᠭᠠᠷᠠᠭᠤᠯᠬᠤ︾᠂ ︽ᠨᠠᠢᠮᠠᠯᠵᠢ ᠶᠢᠨ  ᠭᠦᠶᠦᠬᠦ ᠤᠷᠤᠯᠳᠤᠭᠠᠨ︾  ᠭᠡᠬᠦ ᠬᠤᠶᠠᠷ ᠪᠦᠯᠬᠦᠮ ᠤᠨ ᠤᠷᠤᠯᠳᠤᠭᠠᠨ ᠵᠢᠴᠢ ︽ᠠᠮᠢᠵᠢᠷᠠᠯ ᠤᠨ ᠬᠦᠴᠦᠨ ᠤ ᠨᠢᠰᠬᠦ ᠲᠠᠪᠠᠭ︾᠂ ︽ᠬᠥᠯ ᠪᠥᠮᠪᠦᠭᠡ ᠶᠢᠨ ᠨᠢᠰᠦᠭᠦᠷᠭᠡ︾᠂ ︽ᠰᠣᠨᠢᠷᠬᠠᠯᠲᠤ ᠪᠣᠰᠤᠭ᠎ᠠ ᠪᠥᠮᠪᠦᠭᠡ︾᠂ ︽ᠨᠢᠳᠦ ᠪᠠᠨ ᠪᠦᠪᠠᠶᠢᠯᠭᠡᠨ ᠮᠢᠨ᠎ᠠ ᠵᠠᠶᠢᠯᠠᠬᠤ︾  ᠭᠡᠬᠦ ᠳᠥᠷᠪᠡᠨ ᠬᠥᠮᠥᠨ ᠤ ᠤᠷᠤᠯᠳᠤᠭᠠᠨ ᠭᠠᠷᠭᠠᠵᠠᠢ᠃ ︽ᠨᠢᠭᠡ ᠬᠤᠶᠠᠷ᠂ ᠨᠢᠭᠡ ᠬᠤᠶᠠᠷ᠂ ᠨᠢᠭᠡ ᠬᠤᠶᠠᠷ︾᠂︽ᠴᠢᠷᠮᠠᠢ︕ ᠴᠢᠷᠮᠠᠢ︕ ᠴᠢᠷᠮᠠᠢ︕︾ … … ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠤᠷᠤᠯᠳᠤᠭᠠᠨ ᠳᠤ ᠣᠷᠣᠯᠴᠠᠭᠰᠠᠳ ᠴᠤᠭ ᠵᠢᠪᠬᠤᠭ᠎ᠠ ᠪᠠᠳᠠᠷᠠᠩᠭᠤᠢ᠂ ᠪᠦᠬᠦ᠋ᠢᠯᠡ ᠤᠷᠤᠯᠳᠤᠭᠠᠨ ᠤ ᠲᠠᠯᠠᠪᠠᠢ ᠪᠠᠶᠠᠷ ᠪᠠᠶᠠᠰᠬᠤᠯᠠᠩ ᠂ ᠠᠭᠤᠵᠢᠭᠤ ᠲᠠᠯᠪᠢᠭᠤ᠂ ᠡᠶ᠎ᠡ ᠵᠣᠬᠢᠴᠠᠯ ᠲᠠᠢ ᠠᠭᠤᠷ ᠠᠮᠢᠰᠬᠤᠯ ᠳᠤ ᠰᠣᠭᠲᠣᠭᠤᠷᠠᠪᠠ᠃
    ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠤᠷᠤᠯᠳᠤᠭᠠᠨ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠠᠵᠢᠯᠲᠠᠨ  ᠤ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠡᠮᠡᠭᠲᠡᠢ ᠠᠵᠢᠯᠲᠠᠳ ᠤᠨ ᠬᠤᠭᠤᠷᠣᠨᠳᠣᠬᠢ ᠲᠥᠪᠯᠡᠩᠭᠦᠶ   ᠬᠦᠴᠦᠨ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠤᠲᠣᠩ ᠠᠷᠠᠳ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠠᠰᠢᠭᠲᠠᠢ ᠭᠡᠵᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号