︵ᠰᠤᠷᠪᠤᠯᠵᠢᠯᠠᠭᠴᠢ ᠶᠦᠨ ᠶᠠᠨ ᠹᠠᠩ︶ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ | ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ᠂ ᠬᠥᠬᠡᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ᠂ ᠬᠥᠬᠡᠬᠤᠲᠠ ᠶᠢᠨ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠲᠠᠢ ᠬᠠᠮᠲᠤᠷᠠᠨ 11 ᠳ᠋ᠦ᠋ᠭᠡᠷ ᠰᠠᠷ᠎ᠠ ᠶᠢᠨ 6 ᠤ ᠡᠳᠦᠷ ᠱᠠᠩᠬᠠᠢ ᠬᠤᠲᠠ ᠳᠤ | ︽ᠬᠥᠬᠡᠬᠤᠲᠠ ᠱᠠᠩᠬᠠᠢ ᠬᠤᠯᠪᠤᠭᠠᠯᠠᠨ ᠬᠥᠳᠡᠯᠦᠯᠴᠡᠵᠦ · ᠲᠣᠷᠭᠠᠨ ᠵᠠᠮ ᠤᠨ ᠡᠯᠧᠺᠲᠷᠣᠨ ᠬᠤᠳᠠᠯᠳᠤᠭᠠᠨ ᠤ ᠰᠢᠨ᠎ᠡ | ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠶ᠎ᠠ︾ ᠭᠡᠬᠦ ᠭᠤᠣᠯ ᠰᠡᠳᠦᠪᠲᠦ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠵᠤ ᠠᠬᠤᠢ ᠠᠷᠠᠯᠵᠢᠶ᠎ᠠ ᠶᠢ ᠵᠣᠯᠭᠠᠭᠤᠯᠬᠤ ᠬᠤᠷᠠᠯ ᠡᠷᠭᠢᠯᠡᠵᠦ᠂ ᠱᠠᠩᠬᠠᠢ ᠵᠢᠴᠢ ᠡᠷᠬᠢᠨ | ᠲᠣᠭᠤᠷᠢᠨ ᠤ ᠮᠤᠵᠢ ᠬᠤᠲᠠ ᠶᠢᠨ 30 ᠭᠠᠷᠤᠢ ᠠᠵᠢᠯ ᠲᠥᠷᠥᠯ ᠤᠨ ᠰᠣᠳᠣᠴᠤᠤᠯ ᠪᠠ ᠠᠵᠤ ᠠᠬᠤᠶᠢᠯᠠᠯᠲᠠᠨ | ᠬᠤᠷᠠᠯ ᠳᠤ ᠣᠷᠣᠯᠴᠠᠵᠠᠢ᠃ | ᠬᠤᠷᠠᠯ ᠳᠤ᠂ ᠬᠤᠷᠢᠨᠭᠡᠷ ᠰᠢᠨ᠎ᠡ ᠲᠣᠭᠤᠷᠢᠭ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ | ᠥᠪᠥᠷ ᠮᠣᠩᠭᠤᠯ ᠤᠨ ᠳᠤᠮᠳᠠᠳᠤ ᠭᠠᠳᠠᠭᠠᠳᠤ ᠲᠡᠭᠡᠭᠡᠪᠦᠷᠢ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ | ᠬᠢᠵᠠᠭᠠᠷᠲᠤ ᠺᠣᠮᠫᠠᠨᠢ ᠲᠤᠰ ᠲᠤᠰ ᠬᠥᠬᠡᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ | ᠠᠬᠢᠭᠤᠯᠬᠤ ᠲᠦᠷᠦ ᠶᠢᠨ ᠪᠣᠳᠣᠯᠭ᠎ᠠ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ᠂ ᠪᠠᠷᠠᠭᠠᠨ ᠤ ᠭᠦᠢᠯᠭᠡᠭᠡᠨ ᠤ ᠵᠠᠮ ᠱᠤᠭᠤᠮ ᠤᠨ ᠳᠠᠪᠠᠭᠤᠯᠢᠭ ᠵᠡᠷᠭᠡ ᠠᠭᠤᠯᠭ᠎ᠠ ᠶᠢ | ᠤᠬᠠᠭᠤᠯᠤᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠲᠠᠢ ᠰᠠᠨᠠᠯ ᠢᠶᠠᠨ ᠰᠣᠯᠢᠯᠴᠠᠵᠤ᠂ | ᠱᠠᠩᠬᠠᠢ ᠶᠢᠨ ᠠᠵᠤ ᠠᠬᠤᠶᠢᠯᠠᠯᠲᠠᠳ ᠲᠤ ᠣᠶᠢᠷ᠎ᠠ ᠶᠢᠨ ᠵᠢᠯ ᠤᠨ ᠲᠤᠷᠰᠢᠬᠢ ᠬᠥᠬᠡᠬᠤᠲᠠ ᠶᠢᠨ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠪᠣᠯᠣᠨ ᠬᠥᠭᠵᠢᠯᠲᠡ ᠶᠢᠨ ᠠᠵᠠ ᠲᠣᠬᠢᠶᠠᠯ ᠢ ᠭᠦᠢᠴᠡᠳ ᠳᠡᠯᠭᠡᠨ ᠦᠵᠡᠭᠦᠯᠵᠡᠢ᠃ | |