ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠰᠢ ᠶᠢᠨ ᠫᠢᠩ ᠤᠨ ᠠᠨᠾᠦᠢ᠂ ᠹᠦᠵᠢᠶᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ
ᠨᠡᠶᠢᠲᠡᠯᠡᠭᠰᠡᠨ ᠴᠠᠭ᠄
2024/11/13
    11 ᠰᠠᠷ᠎ᠠ ᠶᠢᠨ 12  ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠨᠠᠮ ᠤᠨ  ᠭᠡᠰᠢᠭᠦᠨ ᠺᠠᠳ᠋ᠷ 2 ᠳ᠋ᠤᠭᠠᠷ ᠠᠰᠠᠷ ᠤᠨ 323  ᠤ ᠬᠤᠷᠠᠯ ᠤᠨ ᠭᠡᠷ ᠲᠤ ᠰᠢ ᠶᠢᠨ ᠫᠢᠩ ᠤᠨ ᠠᠨᠾᠦᠢ ᠳᠤ ᠠᠵᠢᠯ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠣᠯᠠᠨ ᠵᠦᠢᠯ ᠤᠨ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠳᠠᠪᠬᠤ ᠴᠠᠭ᠎ᠠ ᠳᠠᠪᠠᠭᠤᠯᠢᠭ ᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠭᠰᠠᠨ ᠠᠨᠾᠦᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠵᠢᠴᠢ ᠹᠦᠵᠢᠶᠠᠨ ᠮᠤᠵᠢ ᠳᠤ ᠠᠵᠢᠯ ᠪᠠᠶᠢᠴᠠᠭᠠᠬᠤ ᠳᠠᠭᠠᠨ ᠬᠠᠷᠠᠯᠲᠠ ᠪᠠᠨ ᠰᠤᠯᠠᠷᠠᠭᠤᠯᠤᠯ ᠦᠭᠡᠢ ᠠᠳᠬᠤᠵᠤ᠂ ᠳᠤᠮᠳᠠᠳᠤ ᠤᠯᠤᠰ ᠤᠨ  ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠷᠢᠭᠦᠨ ᠤ ᠬᠢ ᠶᠢ ᠲᠡᠮᠡᠴᠡᠨ ᠣᠯᠬᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠨ ᠣᠶᠢᠯᠠᠭᠠᠪᠠ᠃
    ᠰᠤᠷᠤᠯᠴᠠᠯᠭ᠎ᠠ ᠶᠢᠨ ᠳᠤᠮᠳᠠ᠂ ᠨᠠᠮ ᠤᠨ ᠭᠡᠰᠢᠭᠦᠳ ᠤᠯᠤᠰ ᠤᠨ ᠪᠠᠶᠢᠯᠳᠤᠬᠤ ᠪᠣᠳᠣᠯᠭ᠎ᠠ ᠶᠢᠨ ᠭᠠᠵᠠᠷ ᠣᠷᠣᠨ ᠤ ᠬᠥᠭᠵᠢᠯᠲᠡ ᠳᠤ ᠦᠵᠡᠭᠦᠯᠬᠦ ᠴᠢᠬᠤᠯᠠ ᠶᠡᠭᠡ ᠵᠢᠯᠤᠭᠤᠳᠬᠤ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠪᠠ᠃ ᠶᠡᠷᠦᠩᠬᠡᠢ ᠱᠦᠵᠢ ᠰᠢ ᠶᠢᠨ ᠫᠢᠩ ᠠᠨᠾᠦ᠋ᠢ ᠳᠤ ᠠᠵᠢᠯ ᠪᠠᠶᠢᠴᠠᠭᠠᠬᠤ ᠳᠠᠭᠠᠨ ᠬᠡᠯᠡᠭᠰᠡᠨ ᠦᠭᠡ ᠨᠢ ᠠᠨᠾᠦ᠋ᠢ ᠶᠢᠨ ᠬᠥᠭᠵᠢᠯᠲᠡ ᠳᠤ ᠴᠢᠭᠯᠡᠯ ᠢ ᠲᠣᠳᠣᠷᠬᠠᠶᠢᠯᠠᠵᠠᠢ᠃ ᠠᠳᠠᠯᠢ ᠪᠤᠰᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠨᠢ ᠬᠠᠷᠢᠯᠴᠠᠨ ᠳᠠᠪᠬᠤᠴᠠᠵᠤ ᠡᠭᠦᠰᠦᠭᠰᠡᠨ ᠬᠠᠮᠵᠢᠯᠴᠠᠬᠤ ᠦᠢᠯᠡᠳᠦᠯ ᠨᠢ ᠭᠠᠵᠠᠷ ᠣᠷᠣᠨ ᠤ ᠬᠥᠭᠵᠢᠯᠲᠡ ᠳᠤ ᠤᠷᠢᠳᠤ ᠡᠮᠦᠨ᠎ᠡ ᠪᠠᠶᠢᠭ᠎ᠠ ᠦᠭᠡᠢ ᠠᠵᠠ ᠲᠣᠬᠢᠶᠠᠯ ᠣᠯᠭᠤᠵᠤ ᠴᠢᠳᠠᠨ᠎ᠠ᠃ ᠡᠨᠡ ᠨᠢ ᠨᠠᠮ ᠤᠨ ᠡᠭᠦᠷ ᠤᠨ ᠨᠠᠮ ᠤᠨ ᠭᠡᠰᠢᠭᠦᠳ ᠲᠤ ᠬᠤᠲᠣᠩ ᠠᠷᠠᠳ ᠤᠨ ᠲᠣᠭᠤᠷᠢᠭ ᠤᠨ ᠬᠥᠭᠵᠢᠯᠲᠡ ᠳᠤ ᠠᠳᠠᠯᠢᠬᠠᠨ ᠢᠶᠠᠷ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠳᠠᠪᠠᠭᠤᠯᠢᠭ ᠢᠶᠠᠨ ᠠᠭᠤᠳᠠᠯᠵᠤ᠂ ᠨᠡᠩ ᠶᠡᠭᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠬᠤ ᠶᠢ ᠱᠠᠭᠠᠷᠳᠠᠵᠤ ᠪᠠᠶᠢᠨ᠎ᠠ᠃     ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠳᠤ ᠠᠵᠢᠯ ᠪᠠᠶᠢᠴᠠᠭᠠᠬᠤ ᠳᠠᠭᠠᠨ ᠬᠡᠯᠡᠭᠰᠡᠨ ᠦᠭᠡ ᠴᠦ ᠨᠠᠮ ᠤᠨ ᠭᠡᠰᠢᠭᠦᠳ ᠲᠤ ᠭᠦᠨ ᠰᠠᠭᠤᠭᠳᠠᠵᠠᠢ᠃ ︽ᠬᠠᠷᠠᠯᠲᠠ ᠪᠠᠨ ᠰᠤᠯᠠᠷᠠᠭᠤᠯᠤᠯ ᠦᠭᠡᠢ ᠠᠳᠬᠤᠵᠤ᠂ ᠵᠢᠷᠤᠭ ᠲᠥᠯᠥᠪᠯᠡᠭᠡ ᠪᠠᠨ ᠡᠴᠦᠰ ᠲᠤᠨᠢ ᠲᠤᠯᠲᠠᠯ᠎ᠠ ᠵᠢᠷᠤᠭᠯᠠᠬᠤ︾  ᠳᠤ ᠤᠷᠳᠤ ᠬᠤᠭᠤᠴᠠᠭ᠎ᠠ ᠪᠠᠷ ᠪᠠᠷᠢᠮᠲᠠᠯᠠᠨ ᠬᠥᠭᠵᠢᠯᠲᠡ ᠶᠢ ᠠᠬᠢᠭᠤᠯᠬᠤ ᠡᠷᠡᠰ ᠵᠣᠷᠢᠭ ᠢ ᠢᠯᠡᠷᠡᠭᠦᠯᠪᠡ᠃ ᠹᠦᠵᠢᠶᠠᠨ ᠤ ᠬᠥᠭᠵᠢᠯᠲᠡ ᠴᠤ ᠲᠡᠷᠡ᠂ ᠬᠤᠲᠣᠩ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠴᠦ ᠭᠡᠰᠡᠨ ᠴᠥᠮ ᠠᠮᠵᠢᠯᠲᠠ ᠣᠯᠬᠤ ᠵᠠᠩᠭᠢᠯᠠᠭ᠎ᠠ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠠᠬᠤᠢ ᠪᠠᠶᠢᠳᠠᠯ ᠳᠣᠣᠷ᠎ᠠ᠂ ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠨ ᠨᠠᠮ ᠤᠨ ᠭᠡᠰᠢᠭᠦᠳ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠦᠢᠯᠡᠴᠢᠯᠡᠭᠡᠨ ᠤ ᠲᠥᠪ ᠤᠨ ᠠᠵᠢᠯ᠂ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ ᠭᠡᠵᠦ ᠭᠦᠨ ᠣᠶᠢᠯᠠᠭᠠᠪᠠ᠃     ᠲᠣᠰ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠪᠠᠷ ᠳᠡᠮᠵᠢᠨ᠂ ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠪᠠ᠃ ᠤᠯᠠᠨ ᠢᠶᠠᠷ ᠢᠶᠠᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠡᠳᠦᠷ ᠳᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠬᠤᠲᠣᠩ ᠠᠷᠠᠳ ᠤᠨ ᠲᠣᠭᠤᠷᠢᠭ ᠤᠨ ᠬᠥᠭᠵᠢᠯᠲᠡ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠲᠡᠰᠢ ᠲᠠᠰᠤᠷᠠᠯᠲᠠ ᠦᠭᠡᠢ ᠤᠷᠤᠭᠰᠢᠯᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号