11 ᠰᠠᠷ᠎ᠠ ᠶᠢᠨ 9 ᠤ ᠡᠳᠦᠷ ᠠᠴᠠ 10 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠬᠤᠶᠠᠷ ᠲᠠᠯᠠᠪᠤᠷ | ᠠᠵᠢᠯᠲᠠᠨ ᠡᠯᠰᠡᠬᠦ ᠴᠤᠭᠯᠠᠭᠠᠨ ᠡᠷᠭᠢᠯᠡᠵᠦ᠂ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ︽ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠳᠠᠬᠢ ᠠᠵᠢᠯᠲᠠᠨ ᠡᠯᠰᠡᠬᠦ ᠰᠠᠷ᠎ᠠ︾ ᠶᠢᠨ ᠰᠢᠷᠢᠰ | ᠠᠵᠢᠯᠯᠠᠭ᠎ᠠ ᠶᠢ ᠲᠦᠷᠭᠡᠳᠬᠡᠨ ᠥᠷᠨᠢᠭᠦᠯᠪᠡ᠃ | 11ᠰᠠᠷ᠎ᠠ ᠶᠢᠨ 9 ᠤ ᠡᠳᠦᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠲᠥᠷᠥᠯ ᠤᠨ | ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ | ᠶᠠᠪᠤᠭᠳᠠᠵᠤ᠂ ᠪᠦᠭᠦ ᠣᠷᠣᠨ ᠤ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ | ᠳᠤᠮᠳᠠᠳᠤ ᠪᠠᠭ᠎ᠠ ᠰᠤᠷᠭᠠᠭᠤᠯᠢ᠂ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠴᠢᠳᠠᠪᠤᠷᠢᠲᠠᠨ ᠤᠷᠢᠨ ᠡᠯᠰᠡᠬᠦ ᠪᠠᠷ | ᠢᠷᠡᠪᠡ; 11 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ 2025 ᠣᠨ ᠤ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠲᠦᠷᠦᠯ ᠲᠡᠮᠳᠡᠭᠲᠦ ᠰᠣᠳᠣᠨ ᠠᠵᠤ ᠠᠬᠤᠶᠢᠯᠠᠯ ᠤᠨ ᠲᠤᠰᠬᠠᠢ ᠲᠠᠯᠠᠪᠤᠷ ᠤᠨ | ᠠᠵᠢᠯᠲᠠᠨ ᠡᠯᠰᠡᠬᠦ ᠴᠤᠭᠯᠠᠭᠠᠨ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠳᠤ ᠶᠠᠪᠤᠭᠳᠠᠵᠤ᠂ ᠥᠪᠥᠷ ᠮᠣᠩᠭᠤᠯ ᠤᠨ ᠵᠧᠩ ᠳ᠋ᠡ ᠬᠢᠵᠠᠭᠠᠷᠲᠤ ᠺᠤᠮᠫᠠᠨᠢ᠂ ᠸᠠᠨ ᠵᠧᠩ ᠪᠡᠯᠡ | ᠣᠷᠣᠭᠤᠯᠤᠯᠲᠠ ᠶᠢᠨ ᠬᠢᠵᠠᠭᠠᠷᠲᠤ ᠺᠤᠮᠫᠠᠨᠢ᠂ ᠣᠷᠳᠣᠰ ᠬᠤᠲᠠ ᠶᠢᠨ ᠵᠥᠩ ᠰᠢᠤᠸᠠᠨ ᠠᠮᠢᠳᠤ ᠪᠣᠳᠠᠰ ᠬᠢᠮᠢ ᠶᠢᠨ | ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠵᠡᠷᠭᠡ 143 ᠲᠣᠮᠣ ᠳᠤᠮᠳᠠ ᠵᠢᠵᠢᠭ ᠠᠵᠤ ᠠᠬᠤᠶᠢᠯᠠᠯ | ︽ᠴᠢᠳᠠᠪᠤᠷᠢᠲᠠᠨ ᠪᠤᠯᠢᠶᠠᠯᠳᠤᠬᠤ︾ ᠲᠡᠶᠢᠨ ᠢ ᠡᠬᠢᠯᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠬᠤᠶᠠᠷ ᠤᠳᠠᠭᠠᠨ ᠤ | ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 310 ᠠᠵᠢᠯᠲᠠᠨ ᠤᠷᠢᠵᠤ ᠡᠯᠰᠡᠬᠦ ᠨᠢᠭᠡᠴᠢ ᠤᠷᠤᠯᠴᠠᠵᠤ᠂ ᠨᠡᠶᠢᠲᠡ | 9924 ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠡᠯ᠎ᠡ ᠠᠵᠢᠯᠲᠠᠨ ᠡᠯᠰᠡᠬᠦ ᠲᠤᠬᠠᠢ ᠶᠢᠨ ᠲᠠᠯᠠᠪᠤᠷ ᠲᠤ ᠪᠠᠰᠠ | ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠲᠤᠰᠬᠠᠢ ᠲᠣᠭᠤᠷᠢᠭ᠂ ᠠᠵᠢᠯ ᠣᠯᠭᠤᠯᠲᠠ ᠶᠢᠨ | ᠵᠠᠮᠴᠢᠯᠠᠬᠤ ᠦᠢᠯᠡᠴᠢᠯᠡᠭᠡ ᠵᠡᠷᠭᠡ ᠶᠢ ᠲᠣᠬᠢᠷᠠᠭᠤᠯᠵᠤ᠂ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠳᠤ ᠵᠡᠷᠭᠡᠪᠡᠷ | ᠠᠵᠢᠯ ᠣᠯᠭᠤᠯᠲᠠ ᠶᠢ ᠠᠬᠢᠭᠤᠯᠤᠭᠰᠠᠨ ᠪᠠᠶᠢᠨ᠎ᠠ᠃ | ᠲᠣᠰ ᠤᠳᠠᠭᠠᠨ ᠤ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠨᠢ ᠰᠤᠷᠭᠠᠨ ᠬᠥᠮᠦᠵᠢᠯ ᠤᠨ ᠲᠥᠷᠥᠯ ᠤᠨ ᠪᠠ | ᠠᠵᠤ ᠠᠬᠤᠢ ᠶᠢᠨ ᠬᠠᠮᠢᠶᠠᠷᠤᠯᠲᠠ ᠶᠢᠨ ᠲᠥᠷᠥᠯ ᠤᠨ ᠠᠵᠤ ᠦᠢᠯᠡᠰ ᠤᠨ ᠴᠢᠳᠠᠪᠤᠷᠢᠲᠠᠨ ᠤ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠤᠨ ᠭᠤᠣᠯᠳᠠᠯᠭ᠎ᠠ ᠲᠠᠢ ᠠᠵᠤ ᠦᠢᠯᠡᠰ ᠤᠨ | ᠬᠥᠭᠵᠢᠯᠲᠡ ᠳᠤ ᠭᠦᠨᠵᠡᠭᠡᠢ ᠦᠢᠯᠡᠴᠢᠯᠡᠨ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠭᠤᠣᠯ ᠠᠷᠭ᠎ᠠ | ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠲᠠᠨ ᠤᠷᠢᠨ ᠡᠯᠰᠡᠬᠦ ᠨᠢᠭᠡᠴᠢ ᠵᠢᠴᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠨᠠᠷᠢᠯᠢᠭ ᠣᠨᠣᠴᠠᠲᠠᠢ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ | ᠪᠠᠶᠢᠭᠤᠯᠵᠤ ᠥᠭᠭᠦᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ | ᠰᠣᠷᠣᠬᠴᠢ ᠶᠢᠨ ᠠᠵᠢᠯ ᠣᠯᠭᠤᠬᠤ ᠦᠢᠯᠡᠰ ᠪᠣᠰᠬᠠᠬᠤ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠵᠠᠯᠭᠠᠭᠠᠳ ᠪᠠᠰᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠲᠤᠰᠬᠠᠢ ᠮᠡᠷᠭᠡᠵᠢᠯ ᠪᠠ ᠰᠣᠷᠣᠬᠴᠢ ᠶᠢᠨ ᠢᠷᠡᠯᠲᠡ ᠶᠢᠨ ᠪᠠᠶᠢᠳᠠᠯ ᠲᠠᠢ ᠤᠶᠠᠯᠳᠤᠭᠤᠯᠤᠨ ᠥᠨᠳᠥᠷ ᠳᠠᠪᠲᠠᠮᠵᠢ ᠪᠠᠷ | ᠡᠯ᠎ᠡ ᠲᠥᠷᠥᠯ ᠤᠨ ᠲᠠᠰ ᠳᠠᠪᠬᠤᠷᠭ᠎ᠠ᠂ ᠠᠵᠢᠯ ᠲᠥᠷᠥᠯ᠂ ᠭᠠᠵᠠᠷ ᠣᠷᠣᠨ ᠠᠯᠤᠰᠯᠠᠭᠰᠠᠨ ᠰᠤᠷᠭᠠᠭᠤᠯᠢ ᠶᠢᠨ | ᠬᠦᠷᠢᠶᠡᠨ ᠤ ᠠᠵᠢᠯᠲᠠᠨ ᠡᠯᠰᠡᠬᠦ ᠠᠵᠢᠯᠯᠠᠭ᠎ᠠ ᠶᠢ ᠡᠷᠭᠢᠯᠡᠨ᠎ᠡ᠃ ᠡᠭᠦᠨ ᠤ ᠬᠠᠮᠲᠤ᠂ ᠵᠠᠰᠠᠭ ᠤᠨ ᠣᠷᠳᠣᠨ ᠰᠤᠷᠭᠠᠭᠤᠯᠢ | ᠠᠵᠤ ᠠᠬᠤᠶᠢᠯᠠᠯ ᠪᠠᠩᠬᠢ ᠶᠢᠨ ᠬᠤᠯᠪᠤᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ | ᠣᠯᠭᠤᠯᠲᠠ ᠶᠢ ᠠᠬᠢᠭᠤᠯᠬᠤ ᠣᠯᠠᠨ ᠲᠠᠯ᠎ᠠ ᠶᠢᠨ ᠨᠡᠶᠢᠯᠡᠮᠡᠯ ᠬᠦᠴᠦᠨ ᠢ ᠪᠤᠶ ᠪᠤᠯᠭᠠᠵᠤ᠂ ᠬᠥᠮᠥᠨ ᠬᠡᠷᠡᠭᠯᠡᠬᠦ ᠨᠢᠭᠡᠴᠢ | ᠪᠣᠯᠣᠨ ᠥᠷᠭᠡᠨ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠩᠭᠠᠯᠭ᠎ᠠ ᠬᠡᠷᠡᠭᠴᠡᠭᠡ ᠶᠢ ᠣᠨᠣᠪᠴᠢᠲᠠᠶ | ᠵᠣᠯᠭᠠᠭᠤᠯᠬᠤ ᠲᠠᠪᠴᠠᠩ ᠪᠠᠶᠢᠭᠤᠯᠤᠨ ᠥᠭᠴᠦ᠂ ᠥᠪᠥᠷ ᠮᠣᠩᠭᠤᠯ ᠤᠨ 2025 ᠣᠨ ᠤ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠤᠷᠤᠭᠰᠢᠲᠠᠢ ᠲᠡᠭᠦᠰᠬᠦ᠂ ᠡᠷᠲᠡᠬᠡᠨ ᠠᠵᠢᠯ ᠣᠯᠬᠤ᠂ ᠴᠢᠨᠠᠷ ᠰᠠᠶᠢᠲᠠᠢ ᠠᠵᠢᠯ | ᠣᠯᠬᠤ ᠶᠢ ᠪᠦᠭᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃ | ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ |