ᠵᠢᠯ ᠪᠦᠷᠢ ᠶᠢᠨ 11 ᠰᠠᠷ᠎ᠠ ᠪᠣᠯ ᠪᠦᠬᠦ ᠤᠯᠤᠰ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ | ᠤᠬᠠᠭᠤᠯᠭ᠎ᠠ ᠶᠢᠨ ᠰᠠᠷ᠎ᠠ ᠪᠣᠯᠣᠨ᠎ᠠ᠃ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ | ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠦᠨ᠂ ᠺᠠᠳ᠋ᠷ ᠠᠵᠢᠯᠲᠠᠨ ᠠᠵᠢᠯᠴᠢᠳ ᠤᠨ ᠭᠠᠮᠰᠢᠭ ᠢ ᠰᠡᠷᠭᠡᠶᠢᠯᠡᠬᠦ ᠵᠢᠴᠢ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ | ᠲᠥᠯᠥᠭᠡ᠂ ᠣᠶᠢᠷ᠎ᠠ ᠶᠢᠨ ᠡᠳᠦᠷ᠂ ᠬᠤᠲᠣᠩ ᠠᠷᠠᠳ ᠶᠢᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶᠠᠨ ᠤ | ᠪᠠᠶᠢᠭᠤᠯᠭ᠎ᠠ ᠶᠢᠨ ᠨᠠᠮ ᠤᠨ ᠡᠭᠦᠷ ︽ᠤᠷᠢᠳᠴᠢᠯᠠᠨ ᠰᠡᠷᠭᠡᠶᠢᠯᠡᠵᠦ᠂ ᠠᠮᠢ ᠨᠠᠰᠤ ᠶᠢ ᠳᠡᠭᠡᠳᠦᠯᠡᠬᠦ︾ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ | ᠨᠠᠮ ᠤᠨ ᠡᠭᠦᠷ ᠤᠨ ᠱᠦᠵᠢ ᠭᠠᠯ ᠰᠡᠷᠭᠡᠶᠢᠯᠡᠬᠦ᠂ ᠴᠠᠬᠢᠯᠭᠠᠨ ᠢ ᠰᠡᠷᠭᠡᠶᠢᠯᠡᠬᠦ᠂ ᠭᠢᠰᠬᠢᠯᠲᠡ ᠠᠴᠠ ᠰᠡᠷᠭᠡᠶᠢᠯᠡᠬᠦ᠂ | ᠭᠠᠯ ᠤᠨ ᠳᠤᠮᠳᠠ ᠠᠮᠢ ᠵᠢᠭᠤᠲᠠᠬᠤ᠂ ᠭᠠᠯ ᠤᠨᠲᠠᠷᠠᠭᠠᠭᠤᠷ ᠢ ᠬᠡᠷᠡᠭᠯᠡᠬᠦ᠂ ᠲᠦᠭᠰᠢᠭᠦᠷᠢ ᠮᠡᠳᠡᠭᠦᠯᠬᠦ ᠵᠡᠷᠭᠡ ᠭᠠᠯ | ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠪᠦᠬᠦ ᠨᠠᠮ ᠤᠨ ᠭᠡᠰᠢᠭᠦᠳ ᠲᠤ ᠲᠠᠨᠢᠯᠴᠠᠭᠤᠯᠪᠠ᠃ ᠲᠡᠭᠦᠨ ᠤ | ᠲᠠᠨᠢᠯᠴᠠᠭᠤᠯᠭ᠎ᠠ ᠪᠠᠷ ᠲᠠᠮᠵᠢᠨ᠂ ᠨᠠᠮ ᠤᠨ ᠭᠡᠰᠢᠭᠦᠨ ᠺᠠᠳ᠋ᠷ ᠭᠠᠯ ᠢ ᠰᠡᠷᠭᠡᠶᠢᠯᠡᠬᠦ ᠠᠮᠤᠷ ᠲᠦᠪᠰᠢᠨ ᠤ | ᠰᠡᠷᠭᠡᠶᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠠᠬᠤ | ᠴᠢᠳᠠᠪᠤᠷᠢ ᠪᠠᠨ ᠳᠡᠭᠡᠭᠰᠢᠯᠡᠭᠦᠯᠵᠦ᠂ ︽ᠭᠠᠯ ᠢ ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ ᠪᠠᠶᠢᠵᠤ᠂ | ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠬᠢᠬᠦ ᠬᠡᠷᠡᠭᠲᠡᠢ︾ ᠭᠡᠳᠡᠭ ᠢ ᠣᠶᠢᠯᠠᠭᠠᠪᠠ᠃ | | | ᠡᠴᠦᠰ ᠲᠤ᠂ 2024 ᠣᠨ ᠤ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠰᠡᠷᠡᠮᠵᠢᠯᠡᠭᠦᠯᠬᠦ | ᠬᠥᠮᠦᠵᠢᠯ ᠤᠨ ᠸᠢᠳᠢᠤ᠋ ︽ᠪᠦᠬᠦ ᠠᠷᠠᠳ ᠤᠨ ᠭᠠᠯ ᠤᠨᠲᠠᠷᠠᠭᠠᠬᠤ ᠠᠮᠢ ᠨᠠᠰᠤ ᠶᠢ ᠳᠡᠭᠡᠳᠦᠯᠡᠬᠦ︾ ᠶᠢ ᠦᠵᠡᠬᠦ ᠪᠠᠷ | ᠳᠠᠮᠵᠢᠭᠤᠯᠤᠨ ᠨᠠᠮ ᠤᠨ ᠭᠡᠰᠢᠭᠦᠨ ᠺᠠᠳ᠋ᠷᠴᠤᠳ ᠲᠤ ᠭᠠᠯ ᠰᠡᠷᠭᠡᠶᠢᠯᠡᠬᠦ ᠠᠮᠤᠷ ᠲᠦᠪᠰᠢᠨ ᠵᠢᠴᠢ ᠰᠡᠷᠭᠡᠶᠢᠯᠡᠬᠦ | ᠤᠬᠠᠮᠰᠠᠷ ᠤᠨ ᠪᠢᠳᠡᠨ ᠳᠤ ᠦᠵᠡᠭᠦᠯᠬᠦ ᠴᠢᠬᠤᠯᠠ ᠴᠢᠨᠠᠷ ᠢ ᠨᠡᠩ ᠭᠦᠨᠵᠡᠭᠡᠢ ᠣᠶᠢᠯᠠᠭᠠᠭᠤᠯᠪᠠ᠃ ᠡᠭᠦᠨ ᠤ ᠬᠠᠮᠲᠤ᠂ | ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢ ᠨᠠᠩ ᠰᠠᠶᠢᠲᠤᠷ ᠥᠷᠨᠢᠭᠦᠯᠬᠦ ᠶᠢᠨ ᠲᠥᠯᠥᠭᠡ᠂ ᠪᠢᠳᠡ ᠲᠣᠰ | ᠲᠣᠪᠴᠢᠶ᠎ᠠ ᠶᠢᠨ ᠰᠢᠨ᠎ᠡ ᠵᠠᠭᠤᠴᠢᠯᠠᠭᠤᠷ ᠤᠨ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠤᠨ ᠨᠢᠭᠡᠳᠦᠭᠡᠷ ᠳᠠᠪᠬᠤᠷᠯᠢᠭ ᠤᠨ LED ᠳᠡᠯᠭᠡᠴᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ | ᠲᠦᠭᠡᠮᠡᠯᠵᠢᠭᠦᠯᠵᠦ᠂ ᠪᠥᠬᠦ ᠨᠡᠶᠢᠭᠡᠮ ᠢᠶᠠᠷ ᠢᠶᠠᠨ ᠭᠠᠯ ᠤᠨᠲᠠᠷᠠᠭᠠᠬᠤ ᠠᠵᠢᠯᠯᠠᠭ᠎ᠠ ᠳᠤ ᠣᠷᠣᠯᠴᠠᠬᠤ ᠤᠬᠠᠭᠤᠯᠭ᠎ᠠ᠂ | ᠬᠢᠨᠠᠯᠲᠠ ᠲᠠᠯᠪᠢᠬᠤ᠂ ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠬᠠᠮᠲᠤ ᠪᠠᠷ ᠪᠠᠶᠢᠭᠤᠯᠵᠤ᠂ ᠣᠯᠠᠨ ᠲᠦᠮᠡᠨ ᠤ ᠭᠠᠯ | ᠤᠨᠲᠠᠷᠠᠭᠠᠬᠤ ᠠᠮᠤᠷ ᠲᠦᠪᠰᠢᠨ ᠤ ᠬᠡᠪ ᠴᠢᠨᠠᠷ ᠪᠠ ᠭᠠᠯ ᠤᠨ ᠠᠶᠤᠯ ᠤᠨ ᠲᠦᠭᠰᠢᠭᠦᠷᠢ ᠶᠢ ᠰᠡᠷᠭᠡᠶᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠪᠠ᠃ | ᠲᠣᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠨ᠂ ᠮᠠᠨ ᠤ ᠲᠣᠪᠴᠢᠶ᠎ᠠ | ᠡᠯ᠎ᠡ ᠵᠦᠢᠯ ᠤᠨ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠣᠳᠠᠲᠠᠢ ᠬᠢᠵᠦ᠂ ᠭᠠᠷᠴᠤ | ᠮᠡᠳᠡᠬᠦ ᠠᠮᠤᠷ ᠲᠦᠪᠰᠢᠨ ᠤ ᠠᠰᠠᠭᠤᠳᠠᠯ ᠪᠣᠯᠣᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂ | ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠪᠣᠯᠣᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠰᠠᠶᠢᠨ | ᠰᠠᠶᠢᠬᠠᠨ ᠠᠵᠢᠯ ᠶᠠᠪᠤᠳᠠᠯ ᠭᠦᠢᠴᠡᠳᠬᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠠᠮᠤᠷ ᠠᠮᠤᠭᠤᠯᠠᠩ ᠡᠶ᠎ᠡ | ᠵᠣᠬᠢᠴᠠᠩᠭᠤᠢ ᠨᠡᠶᠢᠭᠡᠮ ᠢ ᠪᠠᠶᠢᠭᠤᠯᠤᠨ᠎ᠠ᠃ |