5 ᠲᠦᠮᠡᠨ ᠣᠶᠤᠲᠠᠳ ᠢ ᠬᠥᠬᠡᠬᠤᠲᠠᠨ᠎ᠠ ᠬᠤᠴᠣᠷᠭᠠᠵᠤ ᠠᠵᠢᠯᠯᠠᠭᠤᠯᠬᠤ ᠳᠤ ᠬᠦᠴᠦᠨ ᠨᠡᠮᠡᠷᠢᠯᠡᠪᠡ  ᠬᠥᠬᠡᠬᠤᠲᠠ ᠶᠢᠨ ᠡᠪᠯᠡᠯ ᠤᠨ ᠬᠤᠷᠢᠶᠠᠨ ᠤ ᠬᠢᠨ ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/11/22
    ᠣᠶᠢᠷ᠎ᠠ ᠳᠤ᠂ ᠬᠥᠬᠡᠬᠤᠲᠠ ᠶᠢᠨ ᠡᠪᠯᠡᠯ ᠤᠨ ᠬᠤᠷᠢᠶ᠎ᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ᠂ ︽ᠬᠥᠬᠡᠬᠤᠲᠠᠨ᠎ᠠ ᠴᠤᠭᠯᠠᠷᠠᠬᠤ︾  ᠪᠠᠷ ︽ᠲᠠᠪᠤᠨ ᠲᠦᠮᠡᠨ ᠣᠶᠤᠲᠠᠳ ᠢ ᠬᠥᠬᠡᠬᠤᠲᠠᠨ᠎ᠠ ᠬᠤᠴᠣᠷᠭᠠᠵᠤ ᠠᠵᠢᠯᠯᠠᠭᠤᠯᠬᠤ︾ ᠳᠤ ᠬᠦᠴᠦᠨ ᠨᠡᠮᠡᠷᠢᠯᠡᠬᠦ ᠲᠤᠰᠬᠠᠢ ᠠᠵᠢᠯᠯᠠᠭᠠᠨ · ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ 200 ᠭᠠᠷᠤᠢ ᠰᠢᠯᠢᠳᠡᠭ ᠵᠠᠯᠠᠭᠤ ᠰᠤᠷᠤᠭᠴᠢᠳ ᠤᠨ ᠲᠥᠯᠥᠭᠡᠯᠡᠭᠴᠢᠳ ᠲᠤᠰ ᠠᠵᠢᠯᠯᠠᠭ᠎ᠠ ᠳᠤ ᠣᠷᠣᠯᠴᠠᠪᠠ᠃             ᠣᠶᠢᠯᠠᠭᠠᠭᠰᠠᠨ ᠢᠶᠠᠷ᠂ ᠲᠣᠰ ᠲᠠᠯᠠᠪᠤᠷ ᠤᠨ ᠠᠵᠢᠯᠯᠠᠭ᠎ᠠ ᠨᠢ ᠪᠣᠯ ᠬᠥᠬᠡᠬᠤᠲᠠ ᠶᠢᠨ ᠡᠪᠯᠡᠯ ᠤᠨ ᠬᠤᠷᠢᠶᠠᠨ ᠤ ᠶᠡᠭᠡ ᠳᠡᠭᠡᠳᠦ ᠰᠤᠷᠭᠠᠭᠤᠯᠢ ᠳᠠᠬᠢ ᠠᠩᠬᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠣᠯᠬᠤ ᠪᠥᠭᠡᠳ᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠰᠤᠷᠤᠭᠴᠢᠳ ᠤᠨ ᠵᠥᠪ ᠣᠨᠤᠪᠴᠢᠲᠠᠢ ᠠᠵᠢᠯ ᠮᠡᠷᠭᠡᠵᠢᠯ ᠤᠨ ᠬᠦᠰᠡᠯᠡᠩ ᠪᠠ ᠠᠵᠢᠯ ᠮᠡᠷᠭᠡᠵᠢᠯ ᠤᠨ ᠦᠵᠡᠯᠲᠡ ᠲᠠᠢ ᠪᠣᠯᠵᠤ᠂ ᠠᠵᠢᠯ ᠰᠣᠩᠭᠤᠬᠤ ᠰᠢᠢᠳᠪᠦᠷᠢᠲᠦ ᠪᠣᠳᠣᠯᠭ᠎ᠠ ᠵᠢᠴᠢ ᠠᠵᠢᠯ ᠮᠡᠷᠭᠡᠵᠢᠯ ᠤᠨ ᠬᠦᠰᠡᠯ ᠬᠥᠭᠡᠭᠡᠴᠡᠯᠳᠦᠯ ᠲᠥᠯᠦᠪᠵᠢᠭᠦᠯᠭᠡ ᠪᠠᠨ ᠰᠠᠶᠢᠲᠤᠷ ᠬᠢᠬᠦ ᠳᠤ ᠨᠢ ᠬᠠᠪᠰᠤᠷᠤᠮᠵᠢ ᠦᠵᠡᠭᠦᠯᠬᠦ ᠪᠠᠷ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠯᠤᠭ᠎ᠠ ᠤᠶᠠᠯᠳᠤᠭᠤᠯᠤᠨ᠂ ᠱᠠᠲᠤ ᠦᠶ᠎ᠡ ᠶᠢᠨ ᠦᠷ᠎ᠡ ᠪᠦᠲᠦᠮᠵᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠲᠠᠪᠴᠠᠩ ᠪᠠᠶᠢᠭᠤᠯᠬᠤ᠂ ᠦᠢᠯᠡᠴᠢᠯᠡᠭᠡ ᠪᠠᠨ ᠴᠢᠩᠭᠠᠳᠬᠠᠬᠤ ᠵᠡᠷᠭᠡ ᠠᠴᠠ ︽ᠲᠠᠪᠤᠨ ᠲᠦᠮᠡᠨ ᠣᠶᠤᠲᠠᠳ ᠢ ᠬᠥᠬᠡᠬᠤᠲᠠ ᠳᠤ ᠬᠤᠴᠣᠷᠭᠠᠬᠤ ᠢᠨᠵᠧᠨᠧᠷᠢᠩ︾ ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢᠴᠢ ᠣᠶᠤᠲᠠᠳ ᠤᠨ ᠠᠵᠢᠯ ᠣᠯᠬᠤ᠂ ᠠᠳᠠᠯ ᠦᠢᠯᠡᠰ ᠴᠣᠭᠴᠠᠯᠠᠬᠤ ᠶᠢ ᠨᠢ ᠳᠠᠮᠵᠢᠨ ᠲᠡᠳᠬᠦᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯᠲᠠᠳ ᠠᠴᠠ ᠣᠶᠤᠲᠠᠳ ᠢ ᠰᠤᠷᠭᠠᠭᠤᠯᠢ ᠲᠡᠭᠦᠰᠦᠭᠰᠡᠨ ᠤ ᠳᠠᠷᠠᠭ᠎ᠠ ᠣᠷᠣᠨ ᠤ ᠲᠥᠪ ᠲᠤ ᠰᠠᠨᠠᠭ᠎ᠠ ᠠᠮᠤᠷ ᠠᠵᠢᠯᠯᠠᠵᠤ ᠠᠮᠢᠳᠤᠷᠠᠭᠤᠯᠬᠤ ᠪᠠᠷ ᠣᠷᠣᠰᠢᠨ ᠰᠠᠭᠤᠬᠤ ᠳᠤ ᠲᠣᠬᠢᠷᠠᠮᠵᠢᠲᠠᠢ ︽ᠵᠠᠯᠠᠭᠤᠴᠤᠳ ᠲᠤ ᠠᠰᠢᠭ ᠬᠦᠷᠲᠡᠭᠡᠬᠦ︾ ᠲᠥᠷᠥ ᠶᠢᠨ ᠪᠣᠳᠣᠯᠭ᠎ᠠ ᠪᠠ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠰᠢᠨ᠎ᠡ ᠡᠭᠦᠳᠦᠯᠲᠡ  ᠲᠠᠢ ᠠᠷᠭ᠎ᠠ ᠬᠡᠮᠵᠢᠶ᠎ᠡ ᠶᠢ ᠬᠠᠮᠲᠤ ᠳᠤ ᠪᠠᠨ ᠬᠤᠪᠢᠶᠠᠯᠴᠠᠨ᠂ ᠣᠶᠤᠲᠠᠳ ᠤᠨ ᠭᠡᠷ ᠲᠦᠷᠢᠶᠡᠰᠦᠯᠡᠬᠦ ᠪᠠ ᠬᠤᠳᠠᠯᠳᠤᠨ ᠠᠪᠬᠤ ᠭᠤᠶᠤᠴᠢᠯᠠᠯ ᠤᠨ ᠨᠥᠬᠦᠴᠡᠯ᠂ ᠲᠥᠷᠥ ᠶᠢᠨ ᠪᠣᠳᠣᠯᠭ᠎ᠠ ᠶᠢᠨ ᠨᠡᠮᠡᠭᠦᠷᠢ ᠵᠡᠷᠭᠡ ᠲᠠᠯ᠎ᠠ ᠪᠠᠷ ᠨᠠᠷᠢᠨ ᠲᠠᠶᠢᠯᠪᠤᠷᠢ ᠬᠢᠪᠡ᠃             ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠵᠠᠯᠠᠭᠤ ᠯᠧᠺᠲ᠋ᠣᠷ ᠨᠢᠶᠧ ᠱᠣ᠋᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠢ ᠮᠡᠷᠭᠡᠵᠢᠯ ᠤᠨ ᠳᠠᠭᠠᠭᠠᠮᠠᠯ ᠵᠠᠩ ᠺᠠᠢ ᠱᠤᠸᠠᠢ ᠨᠠᠷ ᠬᠥᠬᠡᠬᠤᠲᠠ ᠳᠤ ᠴᠢᠷᠮᠠᠶᠢᠨ ᠠᠵᠢᠯᠯᠠᠵᠤ ᠰᠤᠷᠤᠯᠴᠠᠵᠤ ᠪᠠᠶᠢᠭᠰᠠᠨ ᠥᠩᠭᠡᠷᠡᠯᠲᠡ ᠪᠠᠨ ᠶᠠᠷᠢᠪᠠ᠃           ᠣᠶᠢᠯᠠᠭᠠᠭᠰᠠᠨ ᠢᠶᠠᠷ᠂ ᠬᠥᠬᠡᠬᠤᠲᠠ ᠶᠢᠨ ᠡᠪᠯᠡᠯ ᠤᠨ ᠬᠤᠷᠢᠶ᠎ᠠ ︽ᠬᠥᠬᠡᠬᠤᠲᠠᠨ᠎ᠠ ᠴᠤᠭᠯᠠᠷᠠᠬᠤ︾ ᠪᠠᠷ ︽ᠲᠠᠪᠤᠨ ᠲᠦᠮᠡᠨ ᠣᠶᠤᠲᠠᠳ ᠢ ᠬᠥᠬᠡᠬᠤᠲᠠᠨ᠎ᠠ ᠬᠤᠴᠣᠷᠭᠠᠵᠤ ᠠᠵᠢᠯᠯᠠᠭᠤᠯᠬᠤ︾ ᠳᠤ ᠬᠦᠴᠦᠨ ᠨᠡᠮᠡᠷᠢᠯᠡᠬᠦ ᠲᠤᠰᠬᠠᠢ ᠠᠵᠢᠯᠯᠠᠭᠠᠨ · ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠯᠠᠭᠤᠴᠤᠳ ᠤᠨ ᠬᠥᠭᠵᠢᠯᠲᠡ ᠳᠤ ᠠᠰᠢᠭᠲᠠᠢ ᠬᠤᠲᠠ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠰᠠᠷ︾ ᠠᠷᠭ᠎ᠠ ᠬᠡᠮᠵᠢᠶ᠎ᠡ ᠪᠠᠷ ᠵᠠᠯᠠᠭᠤᠴᠤᠳ ᠤᠨ ᠬᠥᠭᠵᠢᠯᠲᠡ ᠶᠢᠨ ︽ᠬᠠᠮ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠵᠠᠯᠠᠭᠤ ᠴᠢᠳᠠᠪᠤᠷᠢᠲᠠᠨ ᠢ ᠬᠤᠲᠠ ᠶᠢᠨ ᠬᠥᠭᠵᠢᠯᠲᠡ ᠶᠢᠨ ᠭᠤᠣᠯ ᠪᠠᠶᠢᠷᠢᠨ ᠳᠤ ᠲᠠᠯᠪᠢᠵᠤ᠂ ᠬᠤᠲᠠ ᠶᠢᠨ ᠰᠦᠷ ᠳᠠᠯᠠᠶᠢᠴᠠᠲᠠᠢ ᠠᠮᠢᠵᠢᠷᠠᠯ ᠬᠦᠴᠦᠨ ᠢ ᠬᠥᠭᠵᠢᠭᠡᠨ᠎ᠡ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号