︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ ᠠᠴᠠ ᠨᠠᠭᠠᠰᠢ᠂ ᠪᠥᠬᠦ ᠬᠤᠲᠠ ᠲᠠᠷᠢᠶᠠᠨ ᠭᠠᠵᠠᠷ ᠢ | ᠬᠠᠮᠠᠭᠠᠯᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠡᠯ᠎ᠡ ᠬᠤᠰᠢᠭᠤ ᠰᠢᠶᠠᠨ ᠲᠣᠭᠤᠷᠢᠭ ᠯᠤᠭ᠎ᠠ ᠲᠠᠷᠢᠶᠠᠨ ᠭᠠᠵᠠᠷ ᠢ ᠬᠠᠮᠠᠭᠠᠯᠠᠬᠤ | ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠲᠠᠷᠢᠶᠠᠨ ᠭᠠᠵᠠᠷ ᠤᠨ ᠬᠡᠷᠡᠭᠯᠡᠯᠲᠡ ᠶᠢᠨ ᠣᠷᠣᠨ ᠪᠠᠶᠢᠷᠢ ᠶᠢ ᠲᠣᠭᠲᠠᠭᠠᠵᠤ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠣᠨᠴᠠᠭᠠᠶ ᠬᠠᠮᠠᠭᠠᠯᠠᠯᠲᠠ ᠬᠢᠵᠦ᠂ ᠲᠠᠷᠢᠶᠠᠨ ᠭᠠᠵᠠᠷ ᠤᠨ | ᠶᠡᠷᠦᠩᠬᠡᠢ ᠬᠡᠮᠵᠢᠶ᠎ᠡ ᠶᠢ ᠴᠢᠩᠭ᠎ᠠ ᠰᠠᠬᠢᠪᠠ᠃ ᠣᠳᠣᠬᠠᠨ ᠳᠤ᠂ ᠪᠥᠬᠦ ᠬᠤᠲᠠ ᠶᠢᠨ ᠲᠠᠷᠢᠶᠠᠨ ᠭᠠᠵᠠᠷ 836.97 | ᠲᠦᠮᠡᠨ ᠮᠦ ᠪᠠᠶᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ 694.30 | ᠲᠦᠮᠡᠨ ᠮᠦ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ ᠳᠤ ᠪᠠᠭᠤᠯᠭᠠᠭᠰᠠᠨ ᠲᠠᠷᠢᠶᠠᠨ ᠭᠠᠵᠠᠷ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠡ᠃ | ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠬᠤ ᠶᠢᠨ ᠬᠠᠮᠲᠤ᠂ | ᠬᠥᠬᠡᠬᠤᠲᠠ ︽ᠨᠢᠭᠡ ᠶᠢ ᠡᠵᠡᠯᠡᠵᠦ ᠬᠡᠷᠡᠭᠯᠡᠪᠡᠯ ᠨᠢᠭᠡ ᠶᠢ ᠨᠥᠬᠦᠪᠦᠷᠢᠯᠡᠬᠦ︾ ᠬᠢᠭᠡᠳ ︽ᠰᠢᠯᠢᠳᠡᠭ ᠢ ᠡᠵᠡᠯᠡᠵᠦ | ᠬᠡᠷᠡᠭᠯᠡᠪᠡᠯ ᠰᠢᠯᠢᠳᠡᠭ ᠢ ᠨᠥᠬᠦᠪᠦᠷᠢᠯᠡᠬᠦ︾ ᠵᠠᠷᠴᠢᠮ ᠶᠣᠰᠣᠭᠠᠷ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ | ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ 2024 ᠣᠨ ᠳᠤ᠂ ᠪᠥᠬᠦ ᠬᠤᠲᠠ ᠳᠤ | ᠨᠢᠭᠡᠨᠲᠡ 121 ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠦᠲᠦᠭᠡᠨ ᠪᠠᠶᠢᠭᠤᠯᠬᠤ ᠲᠦᠷᠦᠯ ᠵᠦᠢᠯ ᠢ ᠬᠢᠨᠠᠨ | ᠵᠥᠪᠰᠢᠶᠡᠷᠡᠵᠦ᠂ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠶ 303.02 ᠾᠧᠺᠲ᠋ᠠᠷ ᠪᠠᠶᠢᠵᠤ᠂ ᠲᠠᠷᠢᠶᠠᠨ | ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠡᠭᠦᠷᠭᠡ ᠶᠢ ᠪᠦᠬᠦᠨ ᠢ ᠨᠠᠶᠢᠳᠠᠪᠤᠷᠢᠵᠢᠭᠤᠯᠪᠠ᠃ | ︽ᠲᠠᠷᠢᠶᠠᠨ ᠭᠠᠵᠠᠷ ᠢ ᠬᠠᠮᠠᠭᠠᠯᠠᠬᠤ ᠶᠢ ᠴᠢᠩᠭᠠᠳᠬᠠᠵᠤ ᠲᠠᠷᠢᠶᠠᠨ ᠭᠠᠵᠠᠷ ᠤᠨ ᠶᠠᠰᠤ ᠴᠢᠨᠠᠷ ᠢ ᠲᠡᠭᠦᠯᠳᠡᠷᠵᠢᠭᠦᠯᠦᠨ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ | ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ᠂ | ᠣᠶᠢᠵᠢᠭᠤᠯᠵᠤ ᠡᠪᠡᠰᠦ ᠳᠠᠷᠢᠬᠤ ᠵᠡᠷᠭᠡ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠡᠯ᠎ᠡ ᠲᠥᠷᠥᠯ ᠤᠨ ᠦᠢᠯᠡ | ᠠᠵᠢᠯᠯᠠᠭ᠎ᠠ ᠶᠢ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠳᠤ | ᠨᠢᠭᠡᠳᠦᠯᠲᠡᠢ ᠣᠷᠣᠭᠤᠯᠪᠠ᠃ ᠨᠥᠬᠦᠪᠦᠷᠢᠯᠡᠬᠦ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠰᠢᠨ᠎ᠡ ᠪᠠᠷ 10000 ᠮᠦ ᠲᠠᠷᠢᠶᠠᠨ ᠭᠠᠵᠠᠷ ᠢ ᠨᠥᠬᠦᠪᠦᠷᠢᠯᠡᠪᠡ᠃ |