ᠮᠡᠬᠡᠯᠡᠯ ᠢ ᠬᠤᠷᠴᠠᠯᠠᠨ‌ᠢᠯᠡᠴᠢᠯᠡᠵᠦ᠂ ᠲᠡᠮᠦᠷ ᠬᠡᠷᠡᠮ ᠪᠣᠯᠣᠳ ᠬᠠᠨ᠎ᠠ ᠶᠢ ᠬᠠᠮᠲᠤ ᠪᠠᠷ ᠬᠦᠴᠦ ᠨᠢᠭᠡᠳᠭᠡᠨ ᠴᠣᠭᠴᠠᠯᠠᠶ᠎ᠠ
ᠨᠡᠶᠢᠲᠡᠯᠡᠭᠰᠡᠨ ᠴᠠᠭ᠄
2024/11/26
    ᠲᠣᠣᠷ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠨᠢ ᠤᠯᠤᠰ ᠣᠷᠣᠨ ᠪᠠ ᠠᠷᠠᠳ ᠣᠯᠠᠨ ᠳᠤ ᠭᠦᠨ ᠬᠤᠣᠷ ᠬᠥᠨᠥᠭᠡᠯ ᠤᠴᠠᠷᠠᠭᠤᠯᠵᠤ᠂ ᠰᠤᠷᠭᠠᠭᠤᠯᠢ ᠳᠤ ᠪᠠᠶᠢᠭ᠎ᠠ ᠣᠶᠤᠲᠠᠳ᠂ ᠵᠡᠮᠳᠡᠭᠴᠦᠳ ᠵᠡᠷᠭᠡ ᠬᠠᠮᠲᠤᠯᠢᠭ ᠨᠡᠶᠢᠭᠡᠮ ᠤᠨ ᠵᠣᠯᠭᠠᠯᠴᠠᠭ᠎ᠠ ᠨᠡᠯᠢᠶᠡᠳ ᠴᠥᠭᠡᠨ ᠪᠣᠯᠬᠤᠷ ᠨᠠᠩ ᠠᠮᠠᠷᠬᠠᠨ ᠲᠣᠣᠷ ᠰᠦᠯᠵᠢᠶᠡᠨ ᠤ ᠮᠡᠬᠡᠯᠡᠯ  ᠳᠤ ᠮᠡᠬᠡᠯᠡᠭᠳᠡᠳᠡᠭ᠃ ᠣᠶᠢᠷ᠎ᠠ ᠳᠤ᠂ ᠬᠤᠲᠣᠩ ᠠᠷᠠᠳ ᠶᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠵᠤ᠂ ᠠᠳᠠᠯᠢ ᠪᠤᠰᠤ ᠬᠠᠮᠲᠣᠯᠢᠭ ᠲᠤ ᠴᠢᠭᠯᠡᠭᠦᠯᠦᠨ ᠨᠠᠷᠢᠯᠢᠭ ᠣᠨᠣᠪᠴᠢᠲᠠᠢ ᠬᠦᠴᠦᠯᠡᠵᠦ᠂ ᠮᠡᠬᠡᠯᠡᠯ ᠢ ᠡᠰᠡᠷᠭᠦᠴᠡᠬᠦ ᠰᠡᠷᠭᠡᠶᠢᠯᠡᠯᠲᠡ ᠶᠢᠨ ᠲᠣᠣᠷ ᠢ ᠦᠨᠡᠨᠬᠦ ᠨᠢᠭᠲᠠ ᠰᠦᠯᠵᠢᠵᠦ᠂ ᠲᠣᠣᠷ ᠰᠦᠯᠵᠢᠶᠡᠨ ᠤ ᠮᠡᠬᠡᠯᠡᠯ ‍ᠤᠨ‌ᠡᠭᠦᠰᠦᠨ ᠳᠡᠯᠭᠡᠷᠡᠬᠦ ᠶᠢ ᠡᠬᠢ ᠡᠭᠦᠰᠦᠯ ᠠᠴᠠ ᠨᠢ ᠬᠤᠷᠢᠭᠯᠠᠪᠠ᠃
    ᠬᠥᠬᠡᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠭᠤᠣᠯᠯᠠᠨ ᠡᠷᠬᠢᠯᠡᠭᠰᠡᠨ︽ᠬᠠᠤᠯᠢ ᠳᠦᠷᠢᠮ ᠢᠶᠠᠷ ᠰᠤᠷᠭᠠᠭᠤᠯᠢ ᠪᠠᠨ ᠴᠡᠭᠴᠡᠯᠡᠵᠦ ᠠᠮᠤᠷ ᠲᠠᠶᠢᠪᠤᠩ ᠲᠠᠢ ᠬᠠᠮᠲᠤ ᠠᠶᠠᠯᠠᠰᠤᠭᠠᠢ︾ ᠭᠡᠬᠦ ᠠᠵᠢᠯᠯᠠᠭ᠎ᠠ ᠶᠢᠨ ᠳᠤᠮᠳᠠ᠂ ᠬᠤᠲᠣᠩ ᠠᠷᠠᠳ ᠤᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠰᠤᠷᠭᠠᠭᠤᠯᠢ ᠳᠤ ᠪᠠᠶᠢᠭ᠎ᠠ ᠣᠶᠤᠲᠠᠳ ᠲᠤ ᠬᠠᠨᠳᠤᠭᠤᠯᠵᠤ᠂︽ᠰᠦᠯᠵᠢᠶᠡᠨ ᠤ ᠴᠢᠮᠡᠭᠡ ᠶᠢ ᠭᠡᠨᠡᠨ ᠢᠶᠠᠷ ᠳᠠᠮᠵᠢᠭᠤᠯᠬᠤ ᠶᠠᠯ᠎ᠠ ᠠᠴᠠ ᠵᠠᠶᠢᠯᠠᠰᠭᠢᠨ ᠮᠡᠬᠡᠯᠡᠭᠴᠢ ᠶᠢᠨ ᠪᠠᠭᠠᠵᠢ ᠪᠣᠯᠬᠤ ᠦᠭᠡᠢ︾ ᠭᠡᠬᠦ ᠭᠤᠣᠯ ᠰᠡᠳᠦᠪᠲᠦ ᠰᠤᠷᠭᠠᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠯᠲᠠ ᠬᠢᠵᠦ᠂ ᠳᠡᠷᠭᠡᠲᠡ ᠭᠠᠷᠤᠭᠰᠠᠨ ᠶᠠᠯᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ᠂ ᠠᠮᠤᠷ ᠲᠦᠪᠰᠢᠨ ᠢᠶᠠᠷ ᠪᠠᠩᠬᠢ ᠶᠢᠨ ᠺᠠᠷᠲ ᠪᠠ ᠭᠠᠷ ᠤᠲᠠᠰᠤᠨ ᠺᠠᠷᠲ᠂ ᠰᠦᠯᠵᠢᠶᠡᠨ ᠤ ᠬᠠᠭᠤᠳᠠᠰᠤ ᠵᠢᠴᠢ ᠰᠦᠯᠵᠢᠶ᠎ᠡ ᠪᠠᠷ ᠲᠤᠰᠢᠶᠠᠯ ᠬᠠᠪᠰᠤᠷᠭᠠᠬᠤ ᠵᠡᠷᠭᠡ ᠲᠠᠯ᠎ᠠ ᠳᠤ ᠵᠠᠩᠭᠢᠯᠠᠭ᠎ᠠ ᠶᠢᠨ ᠴᠢᠨᠠᠷᠲᠠᠢ ᠴᠢᠩᠭ᠎ᠠ ᠰᠡᠷᠡᠮᠵᠢᠭᠦᠯᠵᠦ᠂ ᠰᠤᠷᠭᠠᠭᠤᠯᠢ ᠳᠤ ᠪᠠᠶᠢᠭ᠎ᠠ ᠤᠶᠤᠲᠠᠳ ᠮᠡᠬᠡᠯᠡᠭᠳᠡᠬᠦ ᠶᠢ ᠰᠡᠷᠭᠡᠶᠢᠯᠡᠬᠦ ᠴᠢᠳᠠᠪᠤᠷᠢ ᠵᠢ‌‍ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠬᠠᠪᠰᠤᠷᠤᠨ ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠶᠢᠨ ᠳᠤᠮᠳᠠᠬᠢ ᠳᠠᠯᠳᠠ ᠠᠶᠤᠯ  ᠲᠦᠭᠰᠢᠭᠦᠷᠢ ᠠᠴᠠ  ᠬᠤᠯᠠᠳᠠᠭᠤᠯᠪᠠ᠃
    ᠣᠳᠣᠬᠠᠨ ᠤ ᠴᠠᠬᠢᠯᠭᠠᠨ ᠬᠤᠯᠪᠣᠭᠠᠨ ᠤ ᠮᠡᠬᠡᠯᠡᠯ ᠤᠨ ᠠᠷᠭ᠎ᠠ ᠪᠠᠷᠢᠯ ᠤᠯᠠᠮ ᠠᠴᠠ ᠤᠯᠠᠮ ᠣᠶᠤᠨᠴᠢᠯᠠᠭᠰᠠᠨ᠂ ᠳᠠᠯᠳᠠ ᠨᠢᠭᠤᠭᠳᠠᠵᠤ ᠪᠠᠶᠢᠬᠤ ᠵᠢᠴᠢ ᠥᠪᠡᠷ ᠤᠨ ᠥᠷᠲᠡᠭ ᠳᠣᠣᠷ᠎ᠠ ᠪᠠᠶᠢᠬᠤ ᠬᠠᠨᠳᠤᠰᠢ ᠶᠢ ᠦᠨᠳᠦᠰᠦᠯᠡᠨ᠂ ᠬᠤᠲᠣᠩ ᠠᠷᠠᠳ ᠶᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠤᠲᠣᠩ ᠠᠷᠠᠳ ᠤᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠲᠠᠢ ᠫᠢᠩ ᠵᠡᠭᠡᠯᠢ ᠶᠢᠨ ᠨᠡᠶᠢᠭᠡᠮ ᠲᠣᠭᠤᠷᠢᠭ ᠲᠤ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠥᠪᠥᠷ ᠮᠣᠩᠭᠤᠯ ᠤᠨ ᠢ ᠺᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠫᠠᠩ ᠱᠢᠦᠸᠠᠢ ᠴᠢᠩ ᠬᠠᠤᠯᠢᠴᠢ ᠶᠢ ᠤᠷᠢᠵᠤ᠂ ᠵᠡᠮᠳᠡᠭᠴᠦᠳ ᠲᠤ ᠰᠦᠯᠵᠢᠶᠡᠨ ᠤ ᠵᠢᠭᠡᠯᠡᠯᠭᠡ ᠶᠢᠨ ᠮᠡᠬᠡᠯᠡᠯ᠂ ᠬᠤᠳᠠᠯ ᠬᠠᠭᠤᠷᠮᠠᠭ ᠲᠠᠪᠴᠠᠩ ᠤᠨ ᠲᠥᠯᠥᠪᠦᠷᠢ ᠶᠢᠨ ᠮᠡᠬᠡᠯᠡᠯ᠂︽ᠭᠠᠭ᠋ᠠᠢ  ᠨᠢᠲᠤᠯᠬᠤ︾ ᠵᠡᠷᠭᠡ ᠴᠠᠬᠢᠯᠭᠠᠨ ᠬᠤᠯᠪᠣᠭᠠᠨ ᠤ ᠨᠡᠶᠢᠲᠡᠯᠢᠭ ᠮᠡᠬᠡᠯᠡᠯ ‍ᠤᠨ‌ᠠᠷᠭ᠎ᠠ ᠪᠠᠷᠢᠯ ᠢ ᠭᠦᠨᠵᠡᠭᠡᠢ  ᠵᠠᠳᠠᠯᠪᠠ᠃ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ ᠦᠢᠯᠡᠳᠦᠭᠰᠡᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠬᠦ ᠪᠠᠷ ᠳᠠᠮᠵᠢᠭᠤᠯᠤᠨ᠂ ᠵᠡᠮᠳᠡᠭᠴᠦᠳ ᠤᠨ ᠰᠦᠯᠵᠢᠶᠡᠨ ᠤ ᠴᠥᠷᠬᠡᠯᠡᠭᠡ ᠶᠢᠨ ᠴᠡᠭ ᠲᠤ ᠲᠣᠪᠴᠢᠳᠠᠬᠤ᠂ ᠪᠡᠯᠡ ᠮᠥᠩᠭᠦ ᠶᠢ ᠲᠠᠩᠰᠠ ᠰᠢᠯᠵᠢᠭᠦᠯᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠦᠭᠰᠢᠭᠦᠷᠢ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠷᠣᠯᠴᠠᠭᠴᠢ ᠨᠢᠭᠡᠪᠦᠷᠢ ᠥᠪᠡᠷ ᠤᠨ ︽ᠵᠣᠭᠤᠰᠤᠨ ᠤᠭᠤᠲᠠ︾ ᠶᠢ ᠴᠢᠩᠭ᠎ᠠ ᠡᠵᠡᠮᠳᠡᠬᠦ ᠪᠠᠷ ᠴᠢᠷᠮᠠᠶᠢᠵᠤ᠂ ᠮᠡᠬᠡᠯᠡᠭᠳᠡᠬᠦ ᠶᠢ ᠰᠡᠷᠭᠡᠶᠢᠯᠡᠬᠦ ᠬᠡᠷᠡᠭᠲᠡᠢ᠃
   ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠦᠷᠭᠦᠯᠵᠢᠯᠡᠨ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ ᠮᠡᠬᠡᠯᠡᠯ ᠢ ᠡᠰᠡᠷᠭᠦᠴᠡᠬᠦ︾ ᠬᠡᠯᠪᠡᠷᠢ ᠪᠠᠷ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠦᠬᠦ ᠨᠡᠶᠢᠭᠡᠮ ᠳᠤ ᠮᠡᠬᠡᠯᠡᠯ ᠢ ᠡᠰᠡᠷᠭᠦᠴᠡᠬᠦ ᠶᠢ ᠵᠡᠷᠭᠡᠪᠡᠷ ᠠᠳᠬᠤᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号