︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠰᠧ ᠮᠦᠸᠧ︶ ᠡᠨᠡ ᠵᠢᠯ᠂ ᠬᠤᠲᠠ ᠶᠢᠨ ᠲᠣᠰ | ᠱᠠᠲᠤᠨ ᠤ ᠲᠥᠰᠥᠪ ᠲᠤ ᠵᠠᠰᠠᠭ ᠤᠨ ᠣᠷᠳᠣᠨ ᠠᠴᠠ ᠭᠡᠷ ᠪᠦᠯᠢ ᠪᠠ ᠨᠡᠶᠢᠭᠡᠮ ᠲᠣᠭᠤᠷᠢᠭ ᠤᠨ ᠠᠰᠠᠷᠠᠮᠵᠢ ᠶᠢᠨ | ᠦᠢᠯᠡᠴᠢᠯᠡᠭᠡᠨ ᠤ ᠨᠥᠬᠦᠪᠦᠷᠢ ᠮᠥᠩᠭᠦ 3000 ᠲᠦᠮᠡᠨ ᠲᠥᠭᠦᠷᠢᠭ᠂ ᠠᠰᠠᠷᠠᠮᠵᠢ ᠶᠢᠨ ᠪᠠᠶᠢᠭᠤᠯᠤᠮᠵᠢ ᠶᠢᠨ | ᠣᠷᠣ ᠶᠢᠨ ᠡᠵᠡᠩᠨᠡᠯᠲᠡ ᠶᠢᠨ ᠨᠥᠬᠦᠪᠦᠷᠢ 202.82 ᠲᠦᠮᠡᠨ ᠲᠥᠭᠦᠷᠢᠭ ᠢ ᠲᠣᠬᠢᠷᠠᠭᠤᠯᠵᠤ᠂ ᠳᠡᠭᠡᠳᠦ ᠱᠠᠲᠤᠨ ᠤ | ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠮᠥᠩᠭᠦ 1316.5 ᠲᠦᠮᠡᠨ | ᠲᠥᠭᠦᠷᠢᠭ ᠢ ᠴᠢᠷᠮᠠᠶᠢᠨ ᠣᠯᠵᠤ᠂ ᠨᠡᠶᠢᠭᠡᠮ ᠲᠣᠭᠤᠷᠢᠭ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠳᠡᠮᠵᠢᠵᠦ᠂ ᠰᠢᠶᠠᠨ ᠤ ᠱᠠᠲᠤᠨ ᠤ ᠣᠨᠴᠠ ᠬᠦᠴᠢᠷᠳᠡᠯᠲᠡᠢ ᠬᠥᠮᠥᠰ ᠢ | ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠪᠠᠷ ᠲᠥᠪ ᠪᠣᠯᠭᠠᠵᠤ᠂ ᠰᠢᠶᠠᠩ ᠪᠠᠯᠭᠠᠰᠤᠨ ᠤ ᠠᠰᠠᠷᠠᠮᠵᠢ ᠶᠢᠨ | ᠦᠢᠯᠡᠴᠢᠯᠡᠭᠡᠨ ᠤ ᠲᠥᠪ ᠢᠶᠠᠷ ᠰᠠᠴᠤᠷᠠᠭ ᠪᠣᠯᠭᠠᠵᠤ᠂ ᠲᠣᠰᠬᠤᠨ ᠤ ᠱᠠᠲᠤᠨ ᠤ ᠠᠰᠠᠷᠠᠮᠵᠢ ᠶᠢᠨ ᠦᠢᠯᠡᠴᠢᠯᠡᠭᠡᠨ ᠤ | ᠥᠷᠲᠡᠭᠡ ᠴᠡᠭ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢᠶᠠᠷ ᠲᠤᠯᠭᠠᠭᠤᠷᠢᠯᠠᠯ ᠪᠣᠯᠭᠠᠭᠰᠠᠨ | ᠬᠥᠳᠡᠭᠡ ᠲᠣᠰᠬᠤᠨ ᠤ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠦᠨᠳᠦᠰᠦᠨ ᠳᠡᠭᠡᠨ | ᠪᠦᠷᠢᠯᠳᠦᠭᠦᠯᠪᠡ᠃ ᠡᠭᠦᠨ ᠤ ᠬᠠᠮᠲᠤ᠂ ᠬᠤᠲᠠ ᠶᠢᠨ ᠲᠣᠰ ᠱᠠᠲᠤᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠶᠢ 1460.36 ᠲᠦᠮᠡᠨ ᠲᠥᠭᠦᠷᠢᠭ ᠲᠣᠬᠢᠷᠠᠭᠤᠯᠵᠤ᠂ ᠵᠢᠱᠢᠶ᠎ᠡ ᠦᠵᠡᠭᠦᠯᠬᠦ ᠴᠢᠨᠠᠷᠲᠠᠢ | ᠨᠠᠰᠤᠲᠠᠶᠢᠴᠤᠳ ᠤᠨ ᠨᠡᠶᠢᠲᠡ ᠶᠢᠨ ᠰᠠᠭᠤᠴᠠ ᠵᠢᠴᠢ ᠬᠤᠷᠢᠨᠭᠡᠷ ᠰᠢᠶᠠᠨ ᠤ ᠨᠠᠰᠤᠲᠠᠶᠢᠴᠤᠳ ᠲᠤ ᠦᠢᠯᠡᠴᠢᠯᠡᠬᠦ | ᠲᠥᠪ ᠤᠨ ᠲᠥᠷᠥᠯ ᠵᠦᠢᠯ ᠤᠨ ᠰᠡᠯᠪᠢᠨ ᠵᠠᠰᠠᠵᠤ ᠥᠭᠡᠷᠡᠴᠢᠯᠡᠬᠦ ᠵᠢᠴᠢ ᠪᠦᠲᠦᠭᠡᠨ ᠪᠠᠶᠢᠭᠤᠯᠬᠤ ᠳᠤ ᠬᠡᠷᠡᠭᠯᠡᠪᠡ᠃ | | 11 ᠳ᠋ᠦ᠋ᠭᠡᠷ ᠰᠠᠷ᠎ᠠ ᠶᠢᠨ 20 ᠤ ᠡᠳᠦᠷ ᠪᠣᠯᠲᠠᠯ᠎ᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | 5091.21 ᠲᠦᠮᠡᠨ ᠲᠥᠭᠦᠷᠢᠭ ᠪᠠᠭᠤᠯᠭᠠᠵᠤ᠂ ᠪᠦᠬᠦ ᠬᠤᠲᠠ ᠶᠢᠨ 65517 ᠨᠡᠷᠡᠰ 80 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠲᠤ ᠥᠨᠳᠥᠷ ᠨᠠᠰᠤᠨ ᠤ ᠨᠥᠬᠦᠪᠦᠷᠢ ᠮᠥᠩᠭᠦ ᠣᠯᠭᠤᠪᠠ᠃ 2181.79 ᠲᠦᠮᠡᠨ | ᠲᠥᠭᠦᠷᠢᠭ ᠪᠠᠭᠤᠯᠭᠠᠵᠤ᠂ 54309 ᠨᠡᠷᠡᠰ ᠠᠵᠤ ᠠᠬᠤᠢ ᠨᠢ ᠬᠦᠴᠢᠷᠳᠡᠯᠲᠡᠢ ᠨᠠᠰᠤᠲᠠᠶᠢᠴᠤᠳ ᠲᠤ ᠠᠰᠠᠷᠠᠮᠵᠢ ᠶᠢᠨ | ᠦᠢᠯᠡᠴᠢᠯᠡᠭᠡᠨ ᠤ ᠨᠥᠬᠦᠪᠦᠷᠢ ᠣᠯᠭᠤᠪᠠ᠃ 632.54 ᠲᠦᠮᠡᠨ ᠲᠥᠭᠦᠷᠢᠭ ᠪᠠᠭᠤᠯᠭᠠᠵᠤ᠂ ᠪᠦᠬᠦ ᠬᠤᠲᠠ ᠶᠢᠨ | ᠪᠦᠬᠦᠯᠢ 60 ᠨᠠᠰᠤᠨ ᠤ ᠨᠠᠰᠤᠲᠠᠶᠢᠴᠤᠳ ᠢ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠳᠤ ᠣᠷᠣᠭᠤᠯᠵᠤ᠂ | ᠨᠠᠰᠤᠲᠠᠶᠢᠴᠤᠳ ᠲᠤ ᠬᠥᠭᠵᠢᠯᠲᠡ ᠶᠢᠨ ᠦᠷ᠎ᠡ ᠪᠦᠲᠦᠭᠡᠯ ᠪᠠ ᠥᠲᠡᠯᠦᠭᠡ ᠨᠠᠰᠤᠨ ᠤ ᠵᠣᠯ ᠵᠢᠷᠭᠠᠯ ᠲᠠᠢ ᠡᠳ᠋ᠯᠡᠭᠦᠯᠪᠡ᠃ | |