︽ᠵᠠᠯᠠᠭᠤ ᠨᠠᠰᠤᠨ ᠤ ᠬᠦᠰᠡᠯ ᠢᠶᠠᠨ ᠴᠢᠪᠬᠠᠳᠠᠨ ᠫᠢᠫᠠ  ᠶᠢᠨ ᠳᠠᠭᠤᠨ ᠰᠤᠷᠭᠠᠭᠤᠯᠢ ᠶᠢᠨ ᠬᠦᠷᠢᠶᠡᠨ᠎ᠡ ᠦᠳᠡᠰᠢ ᠶᠢᠨ ᠴᠢᠮᠡᠭᠡᠨ ᠳᠤ︐ ᠬᠠᠩᠭᠢᠨᠠᠮᠤᠢ︾ — ᠬᠤᠲᠣᠩ ᠠᠷᠠᠳ ᠤᠨ ᠲᠣᠭᠤᠷᠢᠭ ᠤᠨ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠸᠧᠢ ᠯᠠᠢ ᠴᠧᠩ ᠨᠡᠶᠢᠭᠡᠮ ᠲᠣᠭᠤᠷᠢᠭ ᠤᠨ ᠵᠠᠯᠠᠭᠤᠴᠤᠳ ᠤᠨ ᠰᠥᠨᠢ ᠶᠢᠨ ᠰᠤᠷᠭᠠᠭᠤᠯᠢ ᠶᠢᠨ ᠫᠢᠫ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/11/29
    11 ᠰᠠᠷ᠎ᠠ ᠶᠢᠨ 27  ᠤ ᠡᠳᠦᠷ ᠤᠨ ᠣᠷᠣᠢ᠂ ᠢᠷᠡᠭᠡᠳᠦᠢ ᠶᠢᠨ ᠬᠤᠲᠠ ᠨᠡᠶᠢᠭᠡᠮ ᠲᠣᠭᠤᠷᠢᠭ ᠨᠢ ᠬᠤᠲᠣᠩ ᠠᠷᠠᠳ ᠶᠢᠨ ᠲᠣᠭᠤᠷᠢᠭ ᠤᠨ ᠡᠪᠯᠡᠯ ᠦᠨ ᠬᠤᠷᠢᠶ᠎ᠠ ᠶᠢᠨ ᠵᠢᠯᠣᠭᠤᠳᠤᠯᠭ᠎ᠠ ᠳᠣᠣᠷ᠎ᠠ᠂︽ᠵᠠᠯᠠᠭᠤᠴᠤᠳ ᠤᠨ ᠴᠤᠭ ᠪᠠᠳᠠᠷᠠᠨ ᠤᠷᠤᠢ ᠳᠠᠭᠠᠨ ᠰᠤᠷᠤᠯᠴᠠᠬᠤ — ᠫᠢᠫᠠ ᠶᠢᠨ ᠬᠢᠴᠢᠶᠡᠯ︾  ᠤᠨ ᠠᠩᠬᠠᠨ ᠤ ᠬᠢᠴᠢᠶᠡᠯ ᠢ ᠠᠮᠵᠢᠯᠲᠠ ᠲᠠᠢ ᠡᠷᠬᠢᠯᠡᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠲᠤᠰ ᠨᠡᠶᠢᠭᠡᠮ ᠲᠣᠭᠤᠷᠢᠭ ᠲᠤ ᠪᠠᠶᠢᠭ᠎ᠠ  ᠵᠠᠯᠠᠭᠤᠴᠤᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠤ ᠰᠣᠶᠣᠯ ᠤᠨ ᠬᠡᠪ ᠪᠣᠯᠪᠠᠰᠤᠷᠠᠯ ᠪᠠ ᠤᠷᠠᠯᠢᠭ ᠤᠨ ᠪᠣᠯᠪᠠᠰᠤᠷᠠᠯ ᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠵᠠᠯᠠᠭᠤᠴᠤᠳ ᠲᠤ ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠢᠶᠠᠷ ᠪᠢᠯᠬᠠᠮ᠎ᠠ ᠬᠥᠭᠵᠢᠮ ᠤᠨ ᠬᠠᠭᠤᠳᠠᠰᠤ ᠶᠢ ᠬᠠᠩᠭᠢᠨᠠᠭᠤᠯᠬᠤ ᠶᠢᠨ ᠲᠥᠯᠥᠭᠡ ᠶᠤᠮ᠃     ᠸᠧᠢ ᠯᠠᠢ ᠴᠧᠩ ᠨᠡᠶᠢᠭᠡᠮ ᠲᠣᠭᠤᠷᠢᠭ ᠥᠪᠥᠷ ᠮᠣᠩᠭᠤᠯ ᠤᠨ ᠬᠥᠬᠡᠬᠤᠲᠠ ᠶᠢᠨ ᠦᠨᠳᠦᠰᠦᠲᠡᠨ ᠤ ᠭᠤᠸᠠᠨ ᠰᠢᠤᠸᠠᠨ ᠬᠥᠭᠵᠢᠮ ᠤᠨ ᠨᠡᠶᠢᠭᠡᠮᠯᠢᠭ ᠤᠨ ᠳᠡᠳ᠋ ᠳᠠᠷᠤᠭ᠎ᠠ ᠯᠢᠦ ᠴᠠᠩ ᠢ ᠣᠨᠴᠠᠭᠠᠶᠢᠯᠠᠨ ᠤᠷᠢᠵᠤ ᠲᠤᠰ ᠤᠳᠠᠭᠠᠨ ᠤ ᠫᠢᠫᠠ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠯᠧᠺᠲ᠋ᠣᠷ ᠢᠶᠠᠷ ᠲᠣᠮᠢᠯᠠᠪᠠ᠃ ᠯᠢᠦ ᠪᠠᠭᠰᠢ ᠲᠡᠳᠡᠨ ᠤ ᠭᠦᠨ ᠵᠤᠵᠠᠭᠠᠨ ᠳᠠᠭᠤᠤ ᠬᠥᠭᠵᠢᠮ ᠤᠨ ᠰᠠᠭᠤᠷᠢ ᠪᠠ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠲᠤᠷᠰᠢᠯᠭ᠎ᠠ ᠪᠠᠷ ᠢᠶᠠᠨ ᠰᠤᠷᠤᠭᠴᠢᠳ ᠲᠤ ᠭᠤᠶᠢᠳᠠ ᠰᠠᠶᠢᠬᠠᠨ ᠫᠢᠫᠠ ᠤᠷᠠᠯᠢᠭ ᠤᠨ ᠦᠪᠡᠳᠡᠭᠰᠢ ᠨᠠᠶᠢᠷ ᠢ ᠠᠪᠴᠢᠷᠠᠵᠤ ᠥᠭᠴᠡᠢ᠃ ᠬᠢᠴᠢᠶᠡᠯ ᠳᠤ᠂ ᠯᠢᠦ ᠪᠠᠭᠰᠢ ᠡᠩ ᠲᠡᠷᠢᠭᠦᠨ ᠳᠤ ᠣᠯᠠᠨ ᠤ ᠬᠥᠭᠵᠢᠮ ᠬᠥᠭᠵᠢᠮᠳᠡᠭᠰᠡᠨ ᠰᠣᠩᠭᠤᠳᠠᠭ ᠬᠥᠭᠵᠢᠮ ᠢ ᠵᠢᠱᠢᠶ᠎ᠡ ᠦᠵᠡᠭᠦᠯᠬᠦ ᠶᠢᠨ ᠬᠠᠮᠲᠤ ᠬᠥᠭᠵᠢᠮ ᠬᠥᠭᠵᠢᠮᠳᠡᠬᠦ ᠲᠡᠦᠬᠡ ᠶᠢᠨ ᠡᠬᠢ ᠰᠤᠷᠪᠤᠯᠵᠢ᠂ ᠬᠥᠭᠵᠢᠮᠳᠡᠬᠦ ᠤᠷ᠎ᠠ ᠮᠡᠷᠭᠡᠵᠢᠯ ᠵᠢᠴᠢ ᠰᠠᠭᠤᠬᠤ ᠳᠦᠷᠢ ᠪᠣᠯᠣᠨ ᠠᠷᠭ᠎ᠠ ᠪᠠᠷᠢᠯ ᠵᠡᠷᠭᠡ ᠰᠠᠭᠤᠷᠢ ᠮᠡᠳᠡᠯᠭᠡ ᠶᠢ ᠨᠠᠷᠢᠨ ᠲᠠᠶᠢᠯᠪᠤᠷᠢᠯᠠᠵᠠᠢ᠃ ᠰᠤᠷᠤᠭᠴᠢᠳ ᠫᠢᠫᠠᠶ᠋ᠠ ᠶᠢᠨ ᠢᠷᠠᠭᠤ ᠰᠠᠶᠢᠬᠠᠨ ᠳᠠᠭᠤᠨ ᠤ ᠥᠩᠭᠡ ᠪᠣᠯᠣᠨ ᠥᠪᠡᠷᠮᠢᠴᠡ ᠷᠢᠳᠢ ᠰᠢᠳᠢ ᠳᠤ ᠭᠦᠨ ᠲᠠᠲᠠᠭᠳᠠᠵᠤ᠂ ᠫᠢᠫᠠ ᠳᠤ ᠭᠦᠨ ᠤᠷᠮ᠎ᠠ ᠲᠠᠢ ᠪᠠᠶᠢᠬᠤ ᠪᠠᠨ ᠢᠯᠡᠳᠬᠡᠵᠡᠢ᠃ ᠯᠢᠦ ᠪᠠᠭᠰᠢ ︽ᠫᠢᠫᠠ ᠶᠢᠨ ᠲᠢᠪ︾ ᠭᠡᠬᠦ ᠬᠥᠭᠵᠢᠮ ᠤᠨ ᠮᠡᠳᠡᠯᠭᠡ ᠪᠣᠯᠣᠨ ᠳᠠᠭᠤᠤ ᠬᠥᠭᠵᠢᠮ ᠤᠨ ᠠᠷᠭ᠎ᠠ ᠶᠢ ᠵᠢᠭᠠᠵᠠᠢ᠃ ᠯᠢᠦ ᠪᠠᠭᠰᠢ ᠪᠠᠰᠠ ︽ᠬᠤᠯᠤ ᠪᠥᠵᠢᠭ ᠤᠨ ᠠᠶ᠎ᠠ︾ ᠶᠢᠨ ᠡᠮᠦᠨᠡᠬᠢ ᠬᠤᠶᠠᠷ ᠥᠭᠦᠯᠡᠪᠦᠷᠢ ᠪᠠᠷ ᠵᠢᠱᠢᠶ᠎ᠡ ᠪᠣᠯᠭᠠᠵᠤ᠂ ᠰᠤᠷᠤᠭᠴᠢᠳ ᠢ ᠵᠢᠯᠣᠭᠤᠳᠤᠨ ᠬᠥᠭᠵᠢᠮᠳᠡᠬᠦ ᠪᠣᠯᠪᠠᠰᠤᠷᠠᠯ ᠬᠢᠯᠭᠡᠵᠦ᠂ ᠰᠤᠷᠴᠤ ᠪᠠᠶᠢᠭ᠎ᠠ ᠮᠡᠳᠡᠯᠭᠡ ᠪᠠᠨ ᠤᠯᠠᠮ ᠨᠢᠭᠡ ᠠᠯᠬᠤᠮ ᠪᠠᠬᠢᠵᠢᠭᠦᠯᠪᠡ᠃     ᠸᠧᠢ ᠯᠠᠢ ᠴᠧᠩ ᠨᠡᠶᠢᠭᠡᠮ ᠲᠣᠭᠤᠷᠢᠭ ᠤᠨ ᠬᠢᠨ ᠵᠠᠯᠠᠭᠤᠴᠤᠳ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠵᠠᠯᠠᠭᠤᠴᠤᠳ ᠲᠤ ᠤᠯᠠᠨ ᠶᠠᠩᠵᠤ ᠶᠢᠨ ᠰᠤᠷᠤᠯᠴᠠᠯᠭ᠎ᠠ ᠪᠠ ᠬᠥᠭᠵᠢᠯᠲᠡ ᠶᠢᠨ ᠠᠵᠠ ᠲᠣᠬᠢᠶᠠᠯ ᠬᠠᠩᠭᠠᠭᠰᠠᠭᠠᠷ ᠢᠷᠡᠵᠠᠢ᠃ ᠲᠣᠰ ᠤᠳᠠᠭᠠᠨ ᠤ ︽ᠵᠠᠯᠠᠭᠤ ᠨᠠᠰᠤᠨ ᠤ ᠬᠦᠰᠡᠯ ᠢᠶᠠᠨ ᠴᠢᠪᠬᠠᠳᠠᠨ ᠫᠢᠫᠠ  ᠶᠢᠨ ᠳᠠᠭᠤᠨ ᠰᠤᠷᠭᠠᠭᠤᠯᠢ ᠶᠢᠨ ᠬᠦᠷᠢᠶᠡᠨ᠎ᠡ ᠦᠳᠡᠰᠢ ᠶᠢᠨ ᠴᠢᠮᠡᠭᠡᠨ ᠳᠤ︐ ᠬᠠᠩᠭᠢᠨᠠᠮᠤᠢ︾ ᠢ ᠡᠷᠬᠢᠯᠡᠭᠰᠡᠨ ᠨᠢ ᠵᠠᠯᠠᠭᠤᠴᠤᠳ ᠢ ᠶᠠᠭᠠᠷᠠᠯᠲᠠᠢ ᠠᠵᠢᠯ ᠤᠨ ᠴᠢᠯᠦᠭᠡᠨ ᠳᠤ ᠪᠠᠨ ᠲᠠᠯᠪᠢᠭᠰᠠᠨ ᠢᠶᠠᠷ ᠪᠠᠷᠠᠬᠤ ᠦᠭᠡᠢ᠂ ᠵᠤᠭ᠎ᠠ ᠴᠡᠩᠭᠡᠯ ᠤᠨ ᠬᠡᠯᠪᠡᠷᠢ ᠶᠢ ᠣᠯᠵᠤ᠂ ᠲᠡᠳᠡᠨ ᠤ ᠣᠷᠣᠯᠴᠠᠬᠤ ᠳᠤᠮᠳᠠ ᠠᠴᠠ ᠬᠠᠷᠢᠶᠠᠯᠠᠭᠳᠠᠬᠤ ᠰᠡᠳᠬᠢᠯᠭᠡ ᠪᠠ ᠠᠮᠵᠢᠯᠲᠠ ᠣᠯᠣᠭᠰᠠᠨ ᠲᠥᠷᠥᠭᠳᠡᠯ ᠢ ᠨᠠᠩ ᠴᠤ ᠣᠯᠣᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠷᠡᠭᠡᠳᠦᠢ ᠳᠤ ᠴᠧᠩ ᠴᠧᠩ ᠨᠡᠶᠢᠭᠡᠮ ᠲᠣᠭᠤᠷᠢᠭ ᠤᠨ ᠬᠢᠨ ᠵᠠᠯᠠᠭᠤᠴᠤᠳ ᠤᠨ ᠦᠰᠦᠨ ᠪᠤᠶᠢᠵᠢᠯᠲᠠ ᠪᠠ ᠬᠥᠭᠵᠢᠯᠲᠡ ᠶᠢᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠲᠡᠳᠡᠨ ᠳᠤ ᠨᠡᠩ ᠤᠯᠠᠨ ᠰᠢᠯᠢᠳᠡᠭ ᠰᠤᠷᠤᠯᠴᠠᠯᠭ᠎ᠠ ᠶᠢᠨ ᠡᠬᠢ ᠪᠠᠶᠠᠯᠢᠭ ᠪᠠ ᠠᠵᠢᠯᠯᠠᠭᠠᠨ ᠤ ᠲᠠᠪᠴᠠᠩ ᠬᠠᠩᠭᠠᠵᠤ᠂ ᠬᠠᠯᠠᠭᠤᠨ ᠳᠤᠯᠠᠭᠠᠨ᠂ ᠨᠥᠬᠦᠷᠰᠡᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号