ᠬᠠᠶᠢᠯᠠᠷ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ ᠤᠨ ᠪᠧᠨ ᠲᠧᠩ ᠨᠡᠶᠢᠭᠡᠮ ᠲᠣᠭᠤᠷᠢᠭ ᠤᠨ ᠬᠡᠦᠬᠡᠳ ᠤᠨ ᠭᠡᠷ ︽VR ᠢᠷᠡᠭᠡᠳᠦᠢ ᠶᠢ ᠬᠤᠪᠢᠷᠠᠭᠤᠯᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/4
    ᠰᠢᠨᠵᠢᠯᠡᠬᠦ ᠤᠬᠠᠭᠠᠨ ᠮᠡᠷᠭᠡᠵᠢᠯ  ᠤᠨ ᠨᠢᠰᠬᠦ ᠮᠡᠲᠦ ᠲᠦᠷᠭᠡᠨ ᠬᠥᠭᠵᠢᠬᠦ ᠶᠢ ᠳᠠᠭᠠᠯᠳᠤᠨ᠂ ᠬᠡᠶᠢᠰᠪᠦᠷᠢ ᠪᠣᠳᠠᠲᠤ ᠠᠬᠤᠢ ( VR ) ᠶᠢᠨ ᠮᠡᠷᠭᠡᠵᠢᠯ ᠨᠢ ᠨᠢᠭᠡᠨᠲᠡ ᠠᠭᠠᠵᠢᠮ ᠢᠶᠠᠷ ᠰᠤᠷᠭᠠᠨ ᠬᠥᠮᠦᠵᠢᠯ  ᠤᠨ ᠡᠯ᠎ᠡ ᠬᠦᠷᠢᠶ᠎ᠡ ᠴᠠᠷ᠎ᠠ ᠳᠤ ᠨᠡᠪᠴᠢᠵᠦ᠂ ᠪᠠᠭ᠎ᠠ ᠠᠴᠠ ᠪᠠᠨ ᠬᠡᠦᠬᠡᠳ  ᠤᠨ  ᠰᠢᠨᠵᠢᠯᠡᠬᠦ ᠤᠬᠠᠭᠠᠨ  ᠰᠢᠨᠵᠢᠯᠡᠬᠦ ᠤᠬᠠᠭᠠᠨ ᠮᠡᠷᠭᠡᠵᠢᠯ  ᠤᠨ ᠲᠤᠬᠠᠢ ᠭᠦᠨ ᠵᠤᠵᠠᠭᠠᠨ ᠳᠤᠷ᠎ᠠ ᠰᠣᠨᠢᠷᠬᠠᠯ ᠢ ᠬᠥᠮᠥᠵᠢᠭᠦᠯᠬᠦ ᠶᠢᠨ ᠲᠥᠯᠥᠭᠡ᠂ ᠪᠧᠨ ᠲᠧᠩ ᠨᠡᠶᠢᠭᠡᠮ ᠲᠣᠭᠤᠷᠢᠭ ᠤᠨ ᠬᠡᠦᠬᠡᠳ  ᠤᠨ ᠭᠡᠷ ᠪᠦᠯᠢ ᠨᠢ ᠠᠨ ᠲᠠ ᠶᠢᠩ ᠠᠷᠭ᠎ᠠ ᠵᠢᠴᠢ ᠳᠣᠯᠣᠭᠠᠨ ᠥᠩᠭᠡ ᠶᠢᠨ ᠨᠠᠷᠠᠨ ᠬᠡᠷᠡᠯᠳᠦ ᠬᠡᠦᠬᠡᠳ ᠦᠨ ᠴᠡᠴᠡᠷᠯᠢᠭ  ᠲᠠᠢ ᠬᠠᠮᠲᠤᠷᠠᠨ︽VR︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃
    VR ᠨᠢ ᠵᠢᠱᠢᠮᠡᠭ ᠠᠬᠤᠢ ᠪᠠᠶᠢᠳᠠᠯ ᠢᠶᠠᠷ ᠳᠠᠮᠵᠢᠨ  ᠰᠢᠭᠤᠳ ᠦᠵᠡᠭᠳᠡᠬᠦ᠂ ᠥᠪᠡᠷ  ᠤᠨ ᠪᠡᠶ᠎ᠡ ᠪᠠᠷ ᠢᠶᠠᠨ ᠢᠷᠡᠬᠦ ᠣᠷᠴᠢᠨ ᠲᠣᠭᠤᠷᠢᠨ ᠢ ᠪᠣᠢ ᠪᠣᠯᠭᠠᠵᠤ᠂ ᠬᠡᠦᠬᠡᠳ ᠢᠶᠠᠨ ᠳᠠᠭᠠᠭᠤᠯᠤᠨ ᠰᠢᠨᠵᠢᠯᠡᠬᠦ ᠤᠬᠠᠭᠠᠨᠴᠢ ᠬᠠᠶᠢᠨ ᠰᠦᠪᠡᠭᠴᠢᠯᠡᠯᠲᠡ ᠳᠤᠮᠳᠠ ᠲᠠᠷᠢᠬᠢ ᠲᠣᠯᠣᠭᠠᠢ  ᠶᠢ ᠰᠡᠷᠭᠦᠭᠡᠵᠦ᠂ ᠪᠠᠶᠠᠷ ᠬᠥᠷ ᠲᠠᠢ ᠲᠣᠭᠤᠷᠢᠨ ᠠᠶᠠᠯᠠᠵᠤ᠂ ᠭᠦᠨ ᠰᠠᠭᠤᠭᠳᠠᠯ ᠲᠠᠢ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠣᠢ  ᠪᠤᠯᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠡᠦᠬᠡᠳ ᠤᠳ  ᠪᠠᠶᠠᠷᠯᠠᠨ ᠬᠥᠭᠰᠡᠵᠦ ᠲᠤᠷᠰᠢᠯᠲᠠ ᠳᠤ  ᠤᠷᠠᠮᠰᠢᠨ᠂ VR ᠨᠢᠳᠦᠨ ᠰᠢᠯ ᠵᠡᠭᠦᠵᠦ᠂ ᠣᠶᠢᠷ᠎ᠠ ᠵᠠᠢ ᠠᠴᠠ VR ᠰᠢᠨᠵᠢᠯᠡᠬᠦ ᠤᠬᠠᠭᠠᠨ ᠮᠡᠷᠭᠡᠵᠢᠯ ᠢ ᠪᠡᠶᠡᠴᠢᠯᠡᠨ ᠣᠶᠢᠯᠠᠭᠠᠪᠠ᠃ VR ᠨᠢᠳᠦᠨ ᠰᠢᠯ ᠵᠡᠭᠦᠵᠦ ᠂ ᠳᠠᠯᠠᠢ ᠲᠠᠩᠭᠢᠰ ᠤᠨ ᠬᠡᠷᠡᠭᠯᠡᠭᠡᠨ ᠳᠤ᠂ ᠨᠢᠯᠬ᠎ᠠ ᠬᠡᠦᠬᠡᠳ ᠮᠠᠰᠢ ᠣᠯᠠᠨ ᠵᠢᠭᠠᠰᠤ᠂ ᠬᠠᠯᠢᠮᠤ ᠬᠢᠴᠢᠶᠡᠯ  ᠤᠨ ᠭᠡᠷ ᠲᠤ ᠵᠤᠭᠠᠴᠠᠨ ᠶᠠᠪᠤᠵᠤ᠂ ᠭᠠᠷ ᠢᠶᠠᠨ ᠰᠤᠩᠭᠠᠨ ᠲᠡᠭᠦᠨ ᠢ ᠬᠦᠷᠦᠯᠴᠡ ᠬᠦ ᠪᠠᠷ ᠣᠴᠢᠬᠤ ᠳᠤ᠂ ᠲᠡᠷᠡ ᠳᠠᠷᠤᠢ ᠲᠦᠷᠭᠡᠨ ᠵᠤᠭᠠᠴᠠᠵᠤ᠂ ᠪᠢᠴᠢᠬᠠᠨ ᠨᠠᠶᠢᠵᠠ ᠨᠠᠷ ᠤᠷᠢᠳᠠᠪᠠᠷ ᠡᠨᠡ ᠭᠠᠶᠢᠬᠠᠮᠰᠢᠭ ᠢ ᠣᠶᠢᠯᠠᠭᠠᠬᠤ ᠪᠠᠷ᠂ ᠲᠡᠳᠡ ᠵᠢᠵᠢᠭ ᠨᠢᠳᠦᠨ ᠰᠢᠯ ᠠᠴᠠ ᠪᠦᠷᠢᠮᠦᠰᠦᠨ ᠠᠳᠠᠯᠢ ᠦᠭᠡᠢ ᠰᠢᠨ᠎ᠡ ᠶᠢᠷᠲᠢᠨᠴᠦ ᠶᠢ ᠣᠯᠵᠤ ᠬᠠᠷᠠᠭᠰᠠᠨ ᠳᠠᠭᠠᠨ ᠨᠢᠳᠦ ᠰᠡᠭᠦᠵᠦ ᠮᠡᠳᠡᠯᠭᠡ  ᠪᠠᠨ ᠨᠡᠮᠡᠭᠳᠡᠭᠦᠯᠪᠡ᠃     ᠲᠣᠰ ᠤᠳᠠᠭᠠᠨ ᠤ ᠠᠵᠢᠯᠯᠠᠭ᠎ᠠ ᠨᠢ ᠪᠢᠴᠢᠬᠠᠨ ᠨᠠᠶᠢᠵᠠ ᠨᠠᠷ ᠤᠨ ᠪᠠᠶᠠᠷ ᠪᠠᠭ᠋ᠠᠳᠤᠯ ᠪᠠ ᠰᠣᠨᠢᠷᠬᠠᠯ ᠤᠨ ᠳᠤᠮᠳᠠ ᠲᠡᠭᠦᠰᠴᠦ᠂ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠬᠡᠦᠬᠡᠳ ᠤᠳ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠲᠠᠢ ᠣᠶᠢᠷᠠᠲᠤᠵᠤ᠂ ᠬᠡᠦᠬᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠬᠠᠢ ᠬᠦᠰᠡᠯ ᠡᠷᠡᠮᠡᠯᠵᠡᠯ ᠪᠠ ᠳᠤᠷ᠎ᠠ ᠰᠣᠨᠢᠷᠬᠠᠯ ᠢ ᠴᠢᠩᠭᠠᠳᠬᠠᠵᠤ᠂ ᠡᠬᠡ ᠤᠯᠤᠰ ᠤᠨ ᠢᠷᠡᠭᠡᠳᠦᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠮᠡᠳᠡᠭᠦᠯᠵᠦ ᠪᠠᠶᠢᠨ᠎ᠠ᠃ ᠬᠤᠶᠢᠰᠢᠳᠠ ᠪᠧᠨ ᠲᠧᠩ ᠨᠡᠶᠢᠭᠡᠮ ᠲᠣᠭᠤᠷᠢᠭ ᠤᠨ ᠬᠡᠦᠬᠡᠳ ᠤᠨ ᠥᠷᠦᠭᠡ ᠦᠷᠭᠦᠯᠵᠢᠯᠡᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠡᠦᠬᠡᠳ ᠤᠨ ᠠᠮᠢᠳᠤᠷᠠᠯ ᠢ ᠪᠠᠶᠠᠯᠢᠭᠵᠢᠭᠤᠯᠤᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号