︽ᠬᠥᠬᠡ ᠳᠦᠯᠥ ᠬᠦᠴᠦᠨ ᠢᠶᠠᠨ ᠨᠢᠭᠲᠠᠷᠠᠭᠤᠯᠬᠤ︾ ︽ᠭᠠᠯ‌‍ᠰᠡᠷᠭᠡᠶᠢᠯᠡᠯᠲᠡ ᠶᠢᠨ ᠬᠡᠷᠡᠮ︾  ᠢ ᠰᠡᠳᠭᠢᠴᠡ ᠠᠴᠠ ᠪᠠᠨ ᠴᠤᠭᠴᠠᠯᠠᠨ ᠪᠠᠶᠢᠭᠤᠯᠪᠠ
ᠨᠡᠶᠢᠲᠡᠯᠡᠭᠰᠡᠨ ᠴᠠᠭ᠄
2024/11/4
    ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠳᠠᠷᠤᠯᠲᠠ ᠶᠢ ᠬᠥᠩᠭᠡᠷᠡᠭᠦᠯᠵᠦ᠂ ᠪᠦᠯᠬᠦᠮ ᠨᠡᠶᠢᠲᠡ ᠶᠢᠨ ᠬᠠᠮᠵᠢᠯᠴᠠᠭ᠎ᠠ ᠶᠢ ᠠᠬᠢᠭᠤᠯᠵᠤ᠂ ᠢᠳᠡᠪᠬᠢᠲᠡᠢ ᠪᠠᠷ ᠥᠭᠡᠳᠡᠯᠡᠨ ᠳᠠᠪᠰᠢᠬᠤ᠂ ᠪᠦᠯᠬᠦᠮᠳᠡᠨ ᠲᠡᠮᠡᠴᠡᠬᠦ ᠡᠩᠨᠡᠭᠡᠨ ᠤ ᠬᠡᠪ ᠰᠤᠷᠲᠠᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠲᠦᠩ ᠳ᠋ᠣᠣ ᠵᠡᠭᠡᠯᠢ ᠭᠤᠳᠤᠮᠵᠢ ᠶᠢᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠤᠨ ᠬᠢᠨ ᠬᠥᠬᠡᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠣᠨᠴᠠ ᠦᠢᠯᠡᠴᠢᠯᠡᠭᠡᠨ ᠤ ᠶᠡᠭᠡ ᠠᠩᠭᠢ ᠲᠠᠢ ᠬᠠᠮᠲᠤᠷᠠᠨ ︽ᠬᠥᠬᠡ ᠳᠥᠯᠥ ᠬᠦᠴᠦᠨ  ᠢᠶᠠᠨ ᠨᠢᠭᠲᠠᠷᠠᠭᠤᠯᠬᠤ︾ ᠰᠡᠳᠬᠢᠴᠡ ᠶᠢᠨ ᠪᠦᠯᠬᠦᠮ ᠤᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠪᠡ᠃
    ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠰᠠᠨ ᠱᠦᠨ ᠳ᠋ᠢᠶᠠᠨ ᠨᠡᠶᠢᠭᠡᠮ ᠲᠣᠭᠤᠷᠢᠭ ᠤᠨ ᠰᠡᠳᠬᠢᠴᠡ ᠶᠢᠨ ᠵᠥᠪᠯᠡᠯᠭᠡ ᠥᠭᠭᠦᠭᠴᠢ ᠸᠧᠢ ᠷᠦᠩ ᠠᠴᠠ ᠮᠥᠰᠥ ᠬᠠᠭᠠᠯᠬᠤ ᠲᠣᠭᠯᠠᠭᠠᠮ ᠭᠠᠷᠭᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠥᠮᠥᠰ ᠭᠠᠷ ᠭᠠᠷ ᠢᠶᠠᠨ ᠬᠤᠯᠪᠣᠯᠴᠠᠨ ᠲᠣᠭᠯᠠᠭᠠᠮ ᠡᠬᠢᠯᠡᠵᠦ ᠪᠠᠶᠢᠭ᠎ᠠ ᠦᠶ᠎ᠡ ᠶᠢᠨ ᠵᠠᠪᠰᠠᠷᠳᠠᠯ ᠪᠠ ᠬᠦᠴᠢᠷᠳᠡᠯ ᠢ ᠠᠷᠢᠯᠭᠠᠪᠠ︔ ᠳᠠᠷᠠᠭ᠎ᠠ ᠳᠤᠨᠢ᠂ ᠲᠤᠭᠯᠠᠭᠠᠮ ᠨᠢ ᠣᠯᠠᠨ ᠲᠦᠮᠡᠨ ᠢ ᠬᠦᠴᠢᠷ ᠪᠡᠷᠬᠡᠰᠢᠶᠡᠯᠲᠦ ᠤᠷᠤᠭᠰᠢᠯᠠᠯ ᠤᠨ ᠶᠠᠪᠤᠴᠠ ᠳᠤ ᠪᠦᠯᠬᠦᠮ ᠨᠡᠶᠢᠲᠡ ᠶᠢᠨ ᠬᠠᠮᠵᠢᠯᠴᠠᠬᠤ ᠠᠴᠢ ᠬᠤᠯᠪᠣᠭᠳᠠᠯ ᠢ ᠰᠢᠭᠤᠳ ᠮᠡᠳᠡᠪᠡ︔ ︽ᠴᠠᠭᠠᠰᠤᠨ ᠫᠠᠶᠢᠰᠠ ᠶᠢᠨ ᠭᠤᠯᠢᠷ︾ ᠨᠢ ᠠᠩᠭᠢ ᠶᠢᠨ ᠨᠠᠶᠢᠵᠠ ᠶᠢᠨ ᠬᠤᠭᠤᠷᠣᠨᠳᠣᠬᠢ ᠬᠠᠷᠢᠯᠴᠠᠨ ᠬᠠᠮᠵᠢᠯᠴᠠᠬᠤ ᠴᠢᠬᠤᠯᠠ ᠴᠢᠨᠠᠷ ᠪᠠ ᠪᠦᠯᠬᠦᠮ ᠨᠡᠶᠢᠲᠡ ᠶᠢᠨ ᠬᠠᠮᠵᠢᠯᠴᠠᠬᠤ ᠳᠡᠶᠢᠯᠦᠩᠭᠦᠢ ᠬᠦᠴᠦᠨ ᠢ ᠰᠢᠭᠤᠳ ᠢᠯᠡᠷᠡᠭᠦᠯᠪᠡ︔ ᠬᠠᠮᠤᠭ ᠰᠡᠭᠦᠯᠴᠢ ᠶᠢᠨ ︽ᠲᠠᠤᠯᠠᠢ ᠪᠥᠵᠢᠭ ᠤᠨ ᠤᠷᠤᠯᠳᠤᠭᠠᠨ︾᠂ ︽ᠰᠠᠪᠬᠠᠨ ᠪᠤᠤᠬᠢᠶ᠎ᠠ ᠳᠠᠮᠵᠢᠭᠤᠯᠬᠤ︾ ᠪᠣᠯ ᠣᠯᠠᠨ ᠤ ᠰᠡᠳᠬᠢᠯ ᠵᠢᠷᠦᠬᠡ ᠪᠠᠨ ᠬᠤᠯᠪᠣᠬᠤ ᠬᠡᠮᠵᠢᠶ᠎ᠡ ᠪᠠ ᠲᠤᠰᠬᠠᠬᠤ ᠴᠢᠳᠠᠪᠤᠷᠢ ᠶᠢ ᠠᠩᠬᠠᠷᠠᠭᠤᠯᠬᠤ ᠪᠣᠯᠣᠨ᠎ᠠ᠃ ᠲᠣᠭᠯᠠᠭᠠᠮ ᠤᠨ ᠳᠤᠮᠳᠠ ᠣᠯᠠᠨ ᠢᠶᠠᠷ ᠢᠶᠠᠨ ᠪᠠᠶᠠᠷᠯᠠᠨ ᠢᠨᠢᠶᠡᠯᠴᠡᠵᠦ᠂ ᠰᠡᠳᠬᠢᠴᠡ ᠶᠢᠨ ᠡᠪᠯᠡᠯ ᠤᠨ ᠪᠠᠶᠢᠭᠤᠯᠤᠯᠲᠠ ᠶᠢᠨ ᠶᠠᠪᠤᠴᠠ ᠳᠤ ᠡᠩ ᠤᠨ ᠦᠶ᠎ᠡ ᠶᠢᠨ ᠥᠨᠳᠥᠷ ᠬᠦᠴᠦᠯᠡᠴᠡ ᠲᠠᠢ ᠠᠵᠢᠯ ᠤᠨ ᠳᠠᠷᠤᠯᠲᠠ ᠶᠢ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠤᠷᠭᠠᠨ ᠬᠥᠮᠥᠵᠢᠭᠦᠯᠬᠦ ᠳᠤᠷᠠᠲᠠᠢ ᠬᠡᠯᠪᠡᠷᠢ ᠪᠠᠷ ᠪᠦᠯᠬᠦᠮ ᠨᠡᠶᠢᠲᠡ ᠶᠢᠨ ᠤᠬᠠᠮᠰᠠᠷ ᠪᠠ ᠬᠠᠮᠵᠢᠯᠴᠠᠬᠤ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃
    ᠲᠣᠰ ᠤᠳᠠᠭᠠᠨ ᠤ ᠰᠡᠳᠬᠢᠴᠡ ᠶᠢᠨ ᠬᠠᠪᠰᠤᠷᠤᠨ ᠵᠢᠯᠤᠭᠤᠳᠬᠤ ᠪᠦᠯᠬᠦᠮ ᠪᠠᠶᠢᠭᠤᠯᠬᠤ ᠠᠵᠢᠯᠯᠠᠭ᠎ᠠ ᠨᠢ ᠪᠥᠬᠦ ᠭᠠᠯ ᠤᠨᠲᠠᠷᠠᠭᠠᠭᠴᠢ ᠶᠢᠨ ᠠᠵᠢᠯ᠂ ᠠᠮᠢᠳᠤᠷᠠᠯ ᠤᠨ ᠳᠤᠮᠳᠠᠬᠢ ᠰᠡᠳᠬᠢᠴᠡ ᠶᠢᠨ ᠳᠠᠷᠤᠯᠲᠠ ᠶᠢ ᠪᠦᠲᠦᠮᠵᠢᠲᠡᠶ ᠨᠠᠮᠳᠠᠭᠤᠯᠵᠤ᠂ ᠡᠩᠨᠡᠭᠡᠨ ᠤ ᠪᠦᠬᠦᠯᠢ ᠴᠣᠭᠴᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠳᠡᠭᠡᠭᠰᠢᠯᠡᠭᠦᠯᠦᠨ᠂ ᠪᠥᠬᠦ ᠭᠠᠯ ᠤᠨᠲᠠᠷᠠᠭᠠᠭᠴᠢ ᠶᠢ ᠬᠠᠮᠤᠭ ᠤᠨ ᠰᠠᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠵᠢᠵᠢᠭᠦᠷᠯᠡᠬᠦ ᠪᠣᠯᠪᠠᠰᠤᠷᠠᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠵᠤ᠂ ᠲᠠᠷᠠᠭᠠᠴᠢ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ︵ᠴᠢᠮᠡᠭᠡᠯᠡᠭᠴᠢ᠄ ᠮᠠ ᠰᠧ ᠶᠣᠣ︶
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号