ᠣᠶᠢᠷ᠎ᠠ ᠳᠤ᠂ ︽ᠭᠤᠣᠯ ᠭᠦᠭ ᠠᠶᠠᠰ ᠢ ᠴᠢᠪᠬᠠᠳᠠᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ᠂ | ᠮᠢᠨᠤ ᠳᠡᠷᠭᠡᠳᠡᠬᠢ ᠪᠠᠶᠢᠴᠠᠭᠠᠬᠤ ᠠᠵᠢᠯ ᠤᠨ ᠦᠯᠢᠭᠡᠷ︾ ᠭᠡᠬᠦ ᠪᠦᠭᠦ ᠣᠷᠣᠨ ᠤ ᠠᠷᠠᠳ ᠤᠨ ᠪᠠᠶᠢᠴᠠᠭᠠᠬᠤ | ᠪᠠᠶᠢᠭᠤᠯᠭ᠎ᠠ ᠶᠢᠨ ᠭᠤᠣᠯ ᠰᠡᠳᠦᠪᠲᠦ ᠵᠣᠬᠢᠶᠠᠯ ᠡᠯᠰᠡᠬᠦ ᠠᠵᠢᠯᠯᠠᠭ᠎ᠠ ᠶᠢᠨ ᠰᠣᠩᠭᠤᠨ ᠰᠢᠯᠭᠠᠷᠠᠭᠤᠯᠤᠭᠰᠠᠨ ᠦᠷ᠎ᠡ | ᠳ᠋ᠦᠩ ᠢ ᠨᠡᠶᠢᠲᠡᠯᠡᠪᠡ᠃ ᠲᠤᠰ ᠠᠵᠢᠯᠯᠠᠭ᠎ᠠ ᠳᠤ ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ | ᠶᠣᠰᠣᠭᠠᠷ ᠴᠢᠳᠠᠮᠠᠭᠠᠢ ᠪᠠᠷ ᠲᠤᠰᠢᠶᠠᠯ ᠢᠶᠠᠨ ᠭᠦᠢᠴᠡᠳᠬᠡᠭᠰᠡᠨ ᠪᠠᠶᠢᠴᠠᠭᠠᠬᠤ ᠠᠵᠢᠯ ᠤᠨ ᠠᠮᠵᠢᠯᠲᠠ ᠪᠦᠳᠦᠮᠵᠢ ᠶᠢ | ᠭᠦᠢᠴᠡᠳ ᠠᠭᠤᠳᠠᠯᠤᠨ᠂ ᠪᠠᠶᠢᠴᠠᠭᠠᠬᠤ ᠠᠵᠢᠯ ᠤᠨ ᠬᠠᠶᠢᠷ᠎ᠠ ᠰᠡᠳᠬᠢᠯᠭᠡ ᠶᠢ ᠳᠡᠯᠭᠡᠭᠰᠡᠨ 167 ᠬᠤᠪᠢ ᠠᠮᠢᠳᠤᠯᠢᠭ | ᠬᠥᠳᠡᠯᠦᠩᠭᠦᠢ ᠦᠯᠢᠭᠡᠷ ᠢ ᠰᠣᠩᠭᠤᠨ ᠲᠠᠨᠢᠯᠴᠠᠭᠤᠯᠵᠠᠢ᠃ ᠠᠩᠬᠠᠨ ᠤ ᠰᠢᠯᠭᠠᠷᠠᠭᠤᠯᠤᠯᠲᠠ᠂ ᠲᠤᠰᠬᠠᠢ ᠮᠡᠷᠭᠡᠵᠢᠯᠲᠡᠨ | ᠤ ᠲᠠᠭᠢᠨ ᠰᠢᠯᠭᠠᠷᠠᠭᠤᠯᠤᠯᠲᠠ ᠪᠣᠯᠣᠨ ᠰᠦᠯᠵᠢᠶ᠎ᠡ ᠪᠠᠷ ᠪᠢᠯᠧᠲ ᠥᠭᠬᠦ ᠪᠠᠷ ᠳᠠᠮᠵᠢᠭᠤᠯᠤᠨ᠂ ᠬᠠᠮᠤᠭ ᠤᠨ ᠡᠴᠦᠰ | ᠲᠤ 21 ᠱᠠᠩᠨᠠᠯ ᠭᠥᠷᠳᠡᠭᠰᠡᠨ ᠪᠦᠲᠦᠭᠡᠯ ᠢ ᠰᠢᠯᠭᠠᠷᠠᠭᠤᠯᠤᠨ ᠭᠠᠷᠭᠠᠵᠠᠢ᠃ | ᠡᠭᠦᠨ ᠳᠤ᠂ ᠵᠠᠯᠠᠨ ᠠᠶᠢᠯ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠰᠦᠨ ᠰᠢᠨᠵᠢᠯᠡ ᠶᠢᠨ | ᠪᠢᠴᠢᠭᠰᠡᠨ︽ᠲᠡᠷᠡ ᠠᠷᠠᠳ ᠤᠯᠠᠨ ᠤ ᠵᠣᠪᠠᠨᠢᠵᠤ ᠬᠦᠴᠢᠷᠳᠡᠵᠦ ᠪᠠᠶᠢᠭ᠎ᠠ ᠵᠦᠢᠯᠡᠰ ᠢ ᠰᠡᠳᠬᠢᠯ ᠳᠡᠭᠡᠨ ᠪᠤᠳᠤᠵᠤ᠂ | ᠠᠷᠠᠳ ᠤᠯᠠᠨ ᠢ ᠬᠠᠮᠤᠭ ᠤᠨ ᠳᠣᠲᠣᠨᠣ ᠬᠥᠮᠥᠨ ᠢᠶᠠᠨ ᠪᠣᠯᠭᠠᠵᠠᠢ︾᠂ ᠲᠦᠩᠯᠢᠶᠣᠣ ᠬᠤᠳᠠ ᠶᠢᠨ ᠬᠤᠷᠴᠢᠨ | ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠸᠠᠩ ᠵᠢᠶᠠ ᠴᠢ᠂ ᠯᠢ ᠶᠢᠨ ᠹᠧᠢ ᠶᠢᠨ ᠪᠢᠴᠢᠭᠰᠡᠨ | ︽ᠪᠠᠭᠰᠢ ᠱᠠᠪᠢ ᠶᠢᠨ ᠳᠤᠭᠤᠶᠢᠯᠠᠩ ᠬᠡᠷᠬᠢᠨ ᠪᠤᠢ ᠪᠣᠯᠤᠭᠰᠠᠨ ᠪᠤᠢ︾ ᠭᠡᠬᠦ 2 ᠪᠦᠲᠦᠭᠡᠯ ᠨᠢᠭᠡᠳᠦᠭᠡᠷ ᠲᠡᠰ ᠤᠨ | ᠱᠠᠩᠨᠠᠯ ᠭᠦᠷᠳᠡᠵᠡᠢ︔ ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠣᠭᠤᠷᠢᠭ ᠤᠨ ᠠᠷᠠᠳ ᠤᠨ ᠪᠠᠶᠢᠴᠠᠭᠠᠬᠤ | ᠬᠤᠷᠢᠶ᠎ᠠ ᠶᠢᠨ ᠭᠤᠤ ᠸᠧᠨ ᠵᠢᠤᠸᠠᠨ ᠤ ᠪᠢᠴᠢᠭᠰᠡᠨ ︽ᠴᠠᠭᠠᠰᠤᠨ ᠨᠢᠰᠬᠡᠯ︾᠂ ᠣᠷᠴᠣᠨ ᠤ ᠥᠪᠡᠷᠲᠡᠭᠡᠨ ᠵᠠᠰᠠᠬᠤ | ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠤᠸᠠᠢ ᠸᠧᠢ ᠶᠠᠨ ᠤ ᠪᠢᠴᠢᠭᠰᠡᠨ︽ᠬᠥᠳᠡᠭᠡ ᠲᠤᠰᠬᠤᠨ ᠤ | ᠮᠥᠩᠭᠦᠨ ᠭᠦᠢᠯᠭᠡᠭᠡᠨ ᠤ ᠲᠥᠪ ᠪᠤᠰᠤ ᠪᠠᠶᠢᠳᠠᠯ ᠢ ᠴᠡᠭᠴᠡᠯᠡᠨ ᠵᠠᠰᠠᠬᠤ ᠴᠢᠬᠤᠯᠠᠲᠠᠢ︾᠂ ᠭᠦᠭᠡᠬᠤᠳᠠ ᠶᠢᠨ ᠰᠢᠨ᠎ᠡ | ᠬᠤᠳᠠ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠹᠦ᠋ ᠵᠢᠶᠠ ᠰᠢᠨ ᠤ ᠪᠢᠴᠢᠭᠰᠡᠨ ︽ᠨᠢᠭᠡᠨ ᠬᠤᠪᠢ | ᠵᠠᠭᠠᠯᠳᠤᠯᠭ᠎ᠠ ᠬᠢᠬᠦ ᠦᠭᠡᠢ ᠲᠣᠭᠲᠠᠭᠠᠯ︾᠂ ᠭᠦᠶᠠᠩ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠵᠠᠩ | ᠰᠢᠨ ᠤ ᠪᠢᠴᠢᠭᠰᠡᠨ ︽ᠪᠠᠶᠢᠴᠠᠭᠠᠬᠤ ᠬᠤᠷᠢᠶᠠᠨ ᠳᠤ ᠬᠠᠤᠯᠢ ᠪᠠᠷ ᠵᠠᠰᠠᠬᠤ ᠴᠡᠴᠡᠭᠡᠰ ᠪᠠᠳᠠᠷᠠᠨ ᠳᠡᠯᠭᠡᠷᠡᠨ᠎ᠡ︾ ᠭᠡᠬᠦ 4 | ᠪᠦᠲᠦᠭᠡᠯ ᠬᠤᠶᠠᠳᠤᠭᠠᠷ ᠲᠡᠰ ᠤᠨ ᠱᠠᠩᠨᠠᠯ ᠬᠦᠷᠲᠡᠵᠡᠢ᠃ ᠡᠭᠦᠨ ᠠᠴᠠ ᠭᠠᠳᠠᠨ᠎ᠠ᠂ ᠡᠳᠦᠢ ᠲᠡᠳᠦᠢ ᠪᠦᠲᠦᠭᠡᠯ ᠨᠢ | ᠭᠤᠷᠪᠠᠳᠤᠭᠠᠷ ᠲᠡᠰ ᠤᠨ ᠱᠠᠩᠨᠠᠯ ᠪᠠ ᠰᠢᠯᠢᠳᠡᠭ ᠱᠠᠩᠨᠠᠯ ᠭᠦᠷᠳᠡᠪᠡ᠃ | | | |