ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠨᠢ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ | ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠷ᠎ᠠ ᠪᠣᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠳᠣᠲᠣᠷᠠᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠥᠪᠥᠷ ᠮᠣᠩᠭᠤᠯ ᠤᠨ ᠴᠧᠨ ᠭᠤᠸᠠᠩ ᠠᠮᠤ ᠲᠣᠰᠣᠨ ᠤ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠠᠩ ᠨᠢᠦ ᠲᠦᠩ ᠢᠳᠡᠭᠡᠨ ᠤ ᠬᠢᠵᠠᠭᠠᠷᠲᠤ ᠺᠣᠮᠫᠠᠨᠢ᠂ ᠶᠡᠷᠦᠩᠬᠡᠢ ᠪᠤᠤ | ᠱᠠᠩ ᠮᠢᠩ ︵ᠥᠪᠥᠷ ᠮᠣᠩᠭᠤᠯ︶ ᠮᠠᠰᠢᠨ ᠲᠡᠷᠭᠡᠨ ᠤ ᠬᠢᠵᠠᠭᠠᠷᠲᠤ ᠺᠣᠮᠫᠠᠨᠢ᠂ ᠠᠰᠧᠲ᠋ᠧ ︵阿斯特︶ ︵ | ᠥᠪᠥᠷ ᠮᠣᠩᠭᠤᠯ︶ ᠤᠨ ᠠᠯᠲᠠᠨ ᠤ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠵᠦ᠂ | ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠰᠠᠨᠠᠯ ᠢᠶᠠᠨ ᠰᠣᠯᠢᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠡᠯ᠎ᠡ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠦᠢᠯᠡᠳᠬᠦᠨ ᠤ ᠦᠢᠯᠡᠳᠪᠦᠷᠢᠯᠡᠯ ᠦᠢᠯᠡᠳᠬᠦ ᠶᠠᠪᠤᠴᠠ᠂ | ᠰᠢᠨ᠎ᠡ ᠶᠢ ᠡᠭᠦᠳᠬᠦ ᠮᠡᠷᠭᠡᠵᠢᠯ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠵᠢᠴᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ ᠵᠡᠷᠭᠡ ᠶᠢ ᠨᠠᠷᠢᠨ ᠣᠶᠢᠯᠠᠭᠠᠵᠤ᠂ ᠠᠵᠤ | ᠠᠬᠤᠶᠢᠯᠠᠯ ᠤᠨ 2024 ᠣᠨ ᠤ ᠦᠢᠯᠡᠳᠪᠦᠷᠢᠯᠡᠯ ᠡᠵᠡᠩᠨᠡᠯᠲᠡ᠂ ᠬᠥᠭᠵᠢᠯᠲᠡ ᠶᠢᠨ ᠣᠳᠣᠬᠢ ᠪᠠᠶᠢᠳᠠᠯ ᠪᠣᠯᠣᠨ | ᠲᠤᠯᠭᠠᠷᠠᠭᠰᠠᠨ ᠬᠦᠴᠢᠷᠳᠡᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ | ᠬᠡᠷᠡᠭᠴᠡᠭᠡ᠂ ᠲᠤᠬᠠᠶᠢᠯᠠᠭᠰᠠᠨ ᠠᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ᠳᠠᠷᠠᠭᠠᠴᠢ ᠶᠢᠨ | ᠠᠯᠬᠤᠮ ᠳᠤ ᠠᠵᠤ ᠠᠬᠤᠶᠢᠯᠠᠯ ᠤᠨ ᠲᠡᠰ ᠳᠡᠪᠰᠢᠭᠦᠯᠦᠨ ᠨᠢᠭᠡᠳᠦᠯᠲᠡᠢ ᠪᠦᠷᠢᠳᠬᠡᠬᠦ ᠳᠤ ᠰᠠᠶᠢᠲᠤᠷ ᠪᠡᠯᠡᠳᠬᠡᠯ ᠬᠢᠬᠦ ᠶᠢ | ᠵᠣᠷᠢᠭᠵᠢᠭᠤᠯᠪᠠ᠃ | ᠲᠠᠷᠠᠭᠠᠴᠢ ᠶᠢᠨ ᠠᠯᠬᠤᠮ ᠳᠤ ᠲᠣᠭᠤᠷᠢᠭ ᠤᠨ ᠠᠵᠤ ᠦᠢᠯᠡᠳᠪᠦᠷᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠠᠵᠤ | ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ | ᠵᠠᠪᠳᠤᠨ ᠠᠳᠬᠤᠵᠤ᠂ ᠢᠳᠡᠪᠬᠢᠲᠡᠢ ᠪᠠᠷ ᠥᠭᠡᠳᠡᠯᠡᠨ ᠳᠠᠪᠰᠢᠵᠤ᠂ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢᠨ | ᠦᠷ᠎ᠡ ᠠᠰᠢᠭ ᠪᠠ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠨᠡᠩ ᠦᠨᠳᠦᠷ ᠬᠡᠮᠵᠢᠶᠡᠨ ᠳᠤ | ᠳᠡᠭᠡᠭᠰᠢᠯᠡᠭᠦᠯᠬᠦ ᠪᠣᠯᠤᠨ᠎ᠠ᠃ | |