ᠣᠶᠢᠷ᠎ᠠ ᠶᠢᠨ ᠵᠢᠯ ᠤᠨ ᠲᠤᠷᠰᠢ᠂ ᠭᠦᠭᠡᠬᠤᠲᠠ ᠣᠶᠤᠲᠠᠳ ᠤᠨ ᠠᠵᠢᠯ ᠣᠯᠭᠤᠯᠲᠠ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ︽ᠭᠤᠣᠯᠲᠤ ᠪᠣᠷᠣ ᠶᠢ ᠦᠨᠳᠦᠰᠦᠯᠡᠭᠦᠯᠬᠦ︾ ᠲᠥᠯᠥᠪᠯᠡᠭᠡ ᠪᠠᠷ ᠳᠠᠮᠵᠢᠭᠤᠯᠤᠨ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ ᠭᠦᠭᠡᠬᠤᠲᠠ ᠳᠤ ᠦᠯᠡᠳᠡᠵᠦ ᠠᠵᠢᠯ ᠣᠯᠵᠤ ᠦᠢᠯᠡᠰ ᠪᠣᠰᠬᠠᠬᠤ ᠶᠢ | ᠬᠥᠲᠥᠯᠥᠨ ᠳᠠᠭᠠᠭᠤᠯᠵᠤ᠂ ᠭᠤᠷᠪᠠᠨ ᠵᠢᠯ ᠳᠤ ᠭᠦᠭᠡᠬᠤᠲᠠ ᠳᠤ ᠦᠯᠡᠳᠡᠬᠦ᠂ ᠭᠦᠭᠡᠬᠤᠲᠠ ᠳᠤ ᠢᠷᠡᠵᠦ ᠠᠵᠢᠯ ᠣᠯᠵᠤ | ᠦᠢᠯᠡᠰ ᠪᠣᠰᠬᠠᠬᠤ ᠣᠶᠤᠲᠠᠳ 12.27 ᠲᠦᠮᠡᠨ ᠬᠥᠮᠥᠨ ᠳᠤ ᠭᠦᠷᠪᠡ᠃ | ᠣᠶᠢᠯᠠᠭᠠᠭᠰᠠᠨ ᠢᠶᠠᠷ᠂ ᠭᠦᠭᠡᠬᠤᠲᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ 2022 ᠣᠨ ᠳᠤ ᠭᠦᠭᠡᠬᠤᠲᠠ ︽ᠠᠷᠪᠠᠨ ᠲᠦᠮᠡᠨ | ᠣᠶᠤᠲᠠᠳ ᠢ ᠭᠦᠭᠡᠬᠤᠲᠠ ᠳᠤ ᠦᠯᠡᠳᠡᠭᠡᠬᠦ ᠢᠨᠵᠧᠨᠧᠷᠢᠩ︾ ᠢ ᠡᠬᠢᠯᠡᠭᠦᠯᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ | ᠲᠠᠪᠴᠠᠩ ᠪᠠᠶᠢᠭᠤᠯᠬᠤ᠂ ᠦᠢᠯᠡᠴᠢᠯᠡᠭᠡ ᠪᠠᠨ ᠴᠢᠩᠭᠠᠳᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ | ︽ᠭᠤᠣᠯᠲᠤ ᠪᠣᠷᠣ ᠶᠢ ᠦᠨᠳᠦᠰᠦᠯᠡᠭᠦᠯᠬᠦ︾ ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠨᠠᠷᠠᠲᠤ | ᠲᠡᠮᠳᠡᠭᠲᠦ ᠶᠢ ᠪᠣᠶᠢᠵᠢᠭᠤᠯᠵᠠᠢ᠃ | ᠣᠶᠢᠯᠠᠭᠠᠭᠰᠠᠨ ᠢᠶᠠᠷ᠂ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ︾᠂ ︽ᠬᠥᠮᠥᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠪᠠᠷ ᠠᠵᠢᠯ ᠣᠯᠭᠤᠯᠲᠠ ᠶᠢ ᠠᠬᠢᠭᠤᠯᠬᠤ︾᠂ ︽ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ | ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠳᠠᠮᠵᠢᠨ᠂ ᠵᠠᠬ᠎ᠠ ᠳᠡᠯᠭᠡᠭᠦᠷ ᠤᠨ ᠠᠵᠢᠯ | ᠣᠯᠭᠤᠯᠲᠠ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠠᠪᠰᠤᠷᠤᠨ ᠲᠡᠳᠬᠦᠵᠦ ᠠᠵᠢᠯ ᠣᠯᠭᠤᠬᠤ ︽ᠬᠤᠣᠰ | ᠴᠢᠭᠯᠡᠯ︾ ᠢᠶᠠᠷ ᠬᠦᠴᠦᠯᠡᠵᠦ᠂ ᠠᠷᠭ᠎ᠠ ᠪᠦᠭᠦᠨ ᠢ ᠰᠦᠪᠡᠭᠴᠢᠯᠡᠨ ᠣᠶᠤᠲᠠᠳ ᠤᠨ ᠭᠦᠭᠡᠬᠤᠲᠠ ᠳᠤ ᠦᠯᠡᠳᠡᠵᠦ | ᠠᠵᠢᠯ ᠣᠯᠬᠤ ᠠᠷᠭ᠎ᠠ ᠵᠠᠮ ᠢ ᠥᠷᠭᠡᠳᠭᠡᠪᠡ; ᠡᠨᠡ ᠵᠢᠯ ᠤᠨ 1 - 8 ᠰᠠᠷ᠎ᠠ ᠪᠤᠯᠲᠠᠯ᠎ᠠ᠂ ᠪᠦᠭᠦ ᠬᠤᠲᠠ ᠳᠤ | ᠰᠢᠨ᠎ᠡ ᠪᠠᠷ 39 ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠮᠡᠭᠳᠡᠵᠦ᠂ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ 74 ᠲᠥᠷᠥᠯ ᠵᠦᠢᠯ ᠢ ᠰᠢᠨ᠎ᠡ ᠪᠠᠷ ᠣᠷᠣᠭᠤᠯᠤᠨ ᠠᠪᠴᠢᠷᠠᠵᠤ᠂ 1 ᠲᠦᠮᠡ ᠭᠠᠷᠤᠢ ᠠᠵᠢᠯ ᠤᠨ | ᠪᠠᠶᠢᠷᠢ ᠶᠢ ᠳᠠᠶᠢᠴᠢᠯᠠᠪᠠ; ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠡᠷᠢᠬᠦ︾ ᠠᠵᠢᠯᠯᠠᠭ᠎ᠠ ᠶᠢ | ᠶᠡᠭᠡ ᠪᠠᠷ ᠥᠷᠨᠢᠭᠦᠯᠵᠦ᠂ ᠴᠢᠨᠠᠷ ᠰᠠᠶᠢᠲᠠᠢ ᠠᠵᠢᠯ ᠤᠨ ᠪᠠᠶᠢᠷᠢ ᠶᠢ ᠨᠡᠶᠢᠲᠡ 36 ᠲᠦᠮᠡᠨ ᠤᠳᠠᠭ᠎ᠠ ᠬᠠᠩᠭᠠᠪᠠ; | ︽ᠵᠠᠰᠠᠭ ᠵᠠᠬᠢᠷᠭ᠎ᠠ ᠰᠤᠷᠭᠠᠭᠤᠯᠢ ᠠᠵᠤ ᠠᠬᠤᠶᠢᠯᠠᠯ︾ ᠤᠨ ᠠᠵᠢᠯ ᠣᠯᠭᠤᠯᠲᠠ ᠶᠢᠨ ᠬᠥᠭᠵᠢᠯᠲᠡ ᠶᠢᠨ ᠬᠤᠯᠪᠤᠭ᠎ᠠ ᠶᠢ | ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠡᠯ᠎ᠡ ᠲᠥᠷᠥᠯ ᠤᠨ ᠤᠷᠢᠨ ᠡᠯᠰᠡᠬᠦ | ᠠᠵᠢᠯᠯᠠᠭ᠎ᠠ ᠶᠢ 116 ᠤᠳᠠᠭ᠎ᠠ ᠡᠷᠭᠢᠯᠡᠵᠦ᠂ ᠠᠵᠢᠯ ᠣᠯᠭᠤᠬᠤ ᠰᠠᠨᠠᠮᠵᠢ ᠶᠢ 4.92 ᠲᠦᠮᠡᠨ ᠬᠥᠮᠥᠨ ᠤᠳᠠᠭ᠎ᠠ | ᠳᠣᠭᠢᠷᠠᠭᠤᠯᠵᠠᠢ; ᠤᠷᠢᠳ ᠬᠤᠵᠢᠳ 611 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠶᠡᠭᠡ ᠳᠡᠭᠡᠳᠦ | ᠰᠤᠷᠭᠠᠭᠤᠯᠢ ᠳᠤ ᠬᠦᠷᠴᠦ ᠲᠤᠬᠠᠢ ᠶᠢᠨ ᠲᠠᠯᠠᠪᠠᠢ ᠶᠢᠨ ᠤᠷᠢᠨ ᠡᠯᠰᠡᠬᠦ ᠴᠤᠭᠯᠠᠭᠠᠨ ᠡᠷᠭᠢᠯᠡᠵᠤ᠂ 2.12 ᠲᠦᠮᠡᠨ | ᠤᠳᠠᠭ᠎ᠠ ᠠᠵᠢᠯ ᠤᠨ ᠪᠠᠶᠢᠷᠢ ᠬᠠᠩᠭᠠᠪᠠ; ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠰᠢᠭᠤᠳ ᠨᠡᠪᠲᠡᠷᠡᠭᠦᠯᠭᠡ ᠪᠠᠷ ᠠᠵᠢᠯ ᠣᠯᠭᠤᠯᠲᠠ ᠶᠢ | ᠳᠠᠶᠢᠴᠢᠯᠠᠬᠤ ᠰᠠᠭᠤᠷᠢᠨ ᠳᠤ ᠲᠦᠰᠢᠭᠯᠡᠨ᠂ 498 ᠲᠠᠯᠠᠪᠤᠷ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ | ᠠᠵᠢᠯ ᠤᠨ ᠪᠠᠶᠢᠷᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ᠃ | ᠡᠭᠦᠨ ᠤ ᠳᠠᠭᠠᠤ᠂ ᠤᠯᠤᠰ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠵᠢᠱᠢᠶ᠎ᠡ | ᠦᠵᠡᠭᠦᠯᠭᠦ ᠲᠥᠷᠥᠯ ᠵᠦᠢᠯ ᠳᠤ ᠲᠦᠰᠢᠭᠯᠡᠨ᠂ ︽ᠭᠤᠣᠯᠲᠤ ᠪᠣᠷᠣ︾ ᠣᠶᠤᠲᠠᠳ ᠤᠨ ᠦᠢᠯᠡᠰ ᠪᠣᠰᠬᠠᠵᠤ ᠰᠢᠨ᠎ᠡ ᠶᠢ | ᠡᠭᠦᠳᠬᠦ ᠵᠢᠱᠢᠶ᠎ᠡ ᠦᠵᠡᠭᠦᠯᠭᠦ ᠰᠠᠭᠤᠷᠢᠨ ᠢ ᠪᠦᠲᠦᠭᠡᠨ ᠪᠠᠶᠢᠭᠤᠯᠪᠠ᠃ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠭᠦ | ᠠᠵᠢᠯᠯᠠᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠ ᠪᠤᠰᠤᠳ | ᠵᠠᠯᠠᠭᠤᠴᠤᠳ ᠲᠤ ᠬᠠᠨᠳᠤᠭᠤᠯᠤᠨ ᠵᠣᠬᠢᠶᠠᠮᠠᠯ ᠣᠶᠤᠨ ᠴᠢᠳᠠᠪᠤᠷᠢ᠂ ᠵᠠᠭᠤᠴᠢᠯᠠᠭᠤᠷ ᠤᠨ ᠡᠵᠡᠩᠨᠡᠯᠲᠡ᠂ ᠰᠦᠯᠵᠢᠶ᠎ᠡ ᠪᠠᠷ | ᠡᠵᠡᠩᠨᠡᠨ ᠪᠣᠷᠣᠯᠠᠭᠤᠯᠬᠤ ᠵᠡᠷᠭᠡ ᠰᠢᠨ᠎ᠡ ᠠᠵᠢᠯ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠪᠣᠯᠪᠠᠰᠤᠷᠠᠯ ᠢ | ᠥᠷᠨᠢᠭᠦᠯᠵᠦ᠂ ᠵᠢᠯ ᠤᠨ ᠡᠬᠢᠨ ᠠᠴᠠ ᠨᠠᠭᠠᠰᠢ ᠣᠶᠤᠲᠠᠳ ᠢ ᠵᠣᠬᠢᠶᠠᠨ ᠪᠠᠶᠢᠭᠤᠯᠤᠨ 1.8 ᠲᠦᠮᠡᠨ ᠬᠥᠮᠥᠨ | ᠤᠳᠠᠭ᠎ᠠ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠪᠡ; ᠦᠢᠯᠡᠰ ᠪᠣᠰᠬᠠᠬᠤ ᠠᠶᠠᠯᠠᠯ ᠲᠤᠰᠠᠯᠠᠬᠤ | ᠠᠵᠢᠯᠯᠠᠭᠠᠨ ᠢ ᠬᠡᠷᠡᠭᠵᠢᠭᠦᠯᠵᠦ᠂ ᠪᠦᠭᠦ ᠬᠤᠲᠠ ᠳᠤ 36 ᠦᠢᠯᠡᠰ ᠪᠣᠰᠬᠠᠬᠤ ᠪᠣᠯᠪᠠᠰᠤᠷᠠᠯ ᠤᠨ ᠴᠡᠭ ᠪᠠ | ᠲᠣᠭᠲᠠᠭᠠᠭᠰᠠᠨ ᠪᠠᠶᠢᠭᠤᠯᠤᠮᠵᠢ ᠶᠢ ᠴᠤᠭᠯᠠᠭᠤᠯᠵᠤ᠂ 3261 ᠬᠥᠮᠥᠨ ᠤᠳᠠᠭ᠎ᠠ ᠶᠢᠨ ᠦᠢᠯᠡᠰ ᠪᠣᠰᠬᠠᠬᠤ | ᠪᠣᠯᠪᠠᠰᠤᠷᠠᠯ ᠢ ᠥᠷᠨᠢᠭᠦᠯᠵᠦ᠂ 8932 ᠣᠶᠤᠲᠠᠨ ᠢ ᠦᠢᠯᠡᠰ ᠪᠣᠰᠬᠠᠬᠤ ᠳᠠᠳᠤᠯᠭ᠎ᠠ ᠪᠣᠯᠪᠠᠰᠤᠷᠠᠯ ᠳᠤ | ᠣᠷᠣᠯᠴᠠᠭᠤᠯᠵᠤ᠂ 5121 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠠᠢ᠃ |