︵ᠰᠤᠷᠪᠤᠯᠵᠢᠯᠠᠭᠴᠢ ᠯᠢᠦᠢ ᠬᠤᠢ ᠱᠧᠩ︶ 12 ᠳ᠋ᠤᠭᠠᠷ ᠰᠠᠷ᠎ᠠ ᠶᠢᠨ 10 ᠤ ᠡᠳᠦᠷ᠂ ᠬᠥᠬᠡᠬᠤᠲᠠ ᠶᠢᠨ | ᠵᠠᠯᠠᠭᠤ ᠠᠵᠤ ᠠᠬᠤᠶᠢᠯᠠᠯᠲᠠᠳ ᠤᠨ ᠨᠡᠢᠭᠡᠮᠯᠢᠭ ᠤᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ | ᠬᠤᠷᠠᠯᠳᠤᠪᠠ᠂ ᠵᠠᠯᠠᠭᠤ ᠠᠵᠤ ᠠᠬᠤᠶᠢᠯᠠᠯᠲᠠᠳ ᠤᠨ ᠨᠡᠢᠭᠡᠮᠯᠢᠭ ᠤᠨ ᠰᠢᠨ᠎ᠡ ᠬᠤᠭᠤᠴᠠᠭᠠᠨ ᠤ ᠬᠡᠷᠡᠭ | ᠡᠷᠬᠢᠯᠡᠭᠴᠢᠳ ᠤᠨ ᠬᠤᠷᠠᠯ ᠢ ᠰᠣᠩᠭᠤᠨ ᠭᠠᠷᠭᠠᠵᠤ᠂ ᠰᠢᠥᠸᠠᠢ ᠴᠤᠤ ᠵᠠᠯᠠᠭᠤ ᠠᠵᠤ ᠠᠬᠤᠶᠢᠯᠠᠯᠲᠠᠳ ᠤᠨ | ᠨᠡᠢᠭᠡᠮᠯᠢᠭ ᠤᠨ ᠲᠠᠪᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠪᠠᠷ ᠰᠣᠩᠭᠤᠭᠳᠠᠪᠠ᠃ | ᠣᠶᠢᠯᠠᠭᠠᠭᠰᠠᠨ ᠢᠶᠠᠷ᠂ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠪᠣᠯ ᠬᠤᠲᠠ ᠶᠢᠨ ᠡᠪᠯᠡᠯ ᠤᠨ | ᠬᠤᠷᠢᠶᠠᠨ ᠤ ᠵᠢᠯᠣᠭᠤᠳᠣᠯᠭ᠎ᠠ ᠳᠣᠤᠷᠠᠬᠢ ᠵᠠᠯᠠᠭᠤᠴᠤᠳ ᠤᠨ ᠪᠦᠯᠬᠦᠮ ᠮᠥᠨ᠂ ᠰᠢᠯᠢᠳᠡᠭ ᠵᠠᠯᠠᠭᠤ ᠠᠵᠤ | ᠠᠬᠤᠶᠢᠯᠠᠯᠲᠠᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠮᠥᠨ᠂ ︽ᠦᠢᠯᠡᠴᠢᠯᠡᠬᠦ᠂ ᠳᠠᠶᠢᠴᠢᠯᠠᠬᠤ᠂ ᠬᠥᠲᠥᠯᠥᠨ | ᠵᠢᠯᠣᠭᠤᠳᠬᠤ︾ ᠪᠠᠷ ᠵᠣᠷᠢᠯᠲᠠ ᠪᠣᠯᠭᠠᠵᠤ᠂ ︽ᠰᠢᠨ᠎ᠡ ᠶᠢ ᠡᠭᠦᠳᠬᠦ᠂ ᠰᠢᠯᠢᠳᠡᠭ ᠢ ᠡᠭᠦᠳᠬᠦ︾ ᠪᠠᠷ ᠬᠠᠷᠠᠯᠲᠠ | ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠤᠯ ᠠᠵᠢᠯ ᠤᠨ | ᠲᠣᠭᠤᠷᠢᠨ ᠳᠤ ᠥᠷᠭᠡᠨ ᠣᠯᠠᠨ ᠨᠡᠶᠢᠭᠡᠮᠯᠢᠭ ᠤᠨ ᠭᠡᠰᠢᠭᠦᠳ ᠲᠤ ᠦᠢᠯᠡᠴᠢᠯᠡᠵᠦ᠂ ᠬᠤᠳᠠᠯᠳᠤᠭᠠᠨ ᠤ ᠶᠠᠪᠤᠳᠠᠯ ᠤᠨ | ᠬᠤᠯᠪᠣᠭᠠᠯᠠᠯ᠂ ᠬᠤᠳᠠᠯᠳᠤᠭᠠᠴᠢᠨ ᠤᠷᠢᠬᠤ ᠵᠡᠷᠭᠡ ᠠᠵᠢᠯᠯᠠᠭ᠎ᠠ ᠶᠢ ᠢᠳᠡᠪᠬᠢᠲᠡᠶ ᠡᠷᠭᠢᠯᠡᠵᠦ᠂ ᠵᠠᠯᠠᠭᠤ ᠠᠵᠤ | ᠠᠬᠤᠶᠢᠯᠠᠯᠲᠠᠨ ᠤ ᠭᠠᠳᠠᠭᠠᠳᠤ ᠰᠣᠯᠢᠯᠴᠠᠭᠠᠨ ᠤ ᠲᠠᠪᠴᠠᠩ ᠪᠠ ᠭᠡᠰᠢᠭᠦᠨ ᠠᠵᠤ ᠠᠬᠤᠶᠢᠯᠠᠯ ᠤᠨ ᠬᠥᠭᠵᠢᠯᠲᠡ ᠶᠢᠨ | ᠣᠷᠣᠨ ᠵᠠᠶ ᠶᠢ ᠥᠷᠭᠡᠳᠬᠡᠵᠦ᠂ ᠠᠵᠤ ᠠᠬᠤᠶᠢᠯᠠᠯ ᠳᠤ ᠮᠡᠷᠭᠡᠵᠢᠯ᠂ ᠪᠠᠯᠠ ᠮᠥᠩᠭᠦ᠂ ᠲᠥᠷᠥᠯ ᠵᠦᠢᠯ | ᠣᠷᠣᠭᠤᠯᠬᠤ ᠳᠤ ᠬᠥᠭᠦᠷᠭᠡ ᠲᠠᠯᠪᠢᠳᠠᠭ᠃ | ᠣᠳᠣᠬᠠᠨ ᠳᠤ᠂ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ | ᠠᠮᠢᠵᠢᠷᠠᠯ ᠤᠨ ᠬᠦᠴᠦᠨ ᠤᠯᠠᠮ ᠬᠥᠭᠵᠢᠵᠦ᠂ ᠨᠡᠶᠢᠲᠡ 200 ᠭᠠᠷᠤᠶ ᠭᠡᠰᠢᠭᠦᠨ ᠨᠢᠭᠡᠴᠢ ᠲᠠᠢ ᠪᠣᠯᠵᠤ᠂ ᠪᠥᠬᠦ | ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠠᠵᠢᠯ ᠲᠥᠷᠥᠯ ᠢ ᠦᠨᠳᠦᠰᠦᠨ ᠳᠡᠭᠡᠨ ᠬᠠᠮᠤᠷᠤᠭᠰᠠᠨ | ᠪᠠᠶᠢᠨ᠎ᠠ᠃ ᠥᠩᠭᠡᠷᠡᠭᠰᠡᠨ 5 ᠵᠢᠯ ᠳᠤ᠂ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠠᠮᠢᠳᠤ ᠪᠣᠳᠠᠰ ᠤᠨ ᠡᠮ | ᠡᠮᠨᠡᠯᠭᠡ᠂ ᠴᠡᠪᠡᠷ ᠡᠨᠧᠷᠭᠢ ᠵᠡᠷᠭᠡ ᠪᠦᠬᠦ ᠬᠤᠳᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ 60 | ᠭᠠᠷᠤᠢ ᠵᠠᠯᠠᠭᠤ ᠠᠵᠤ ᠠᠬᠤᠶᠢᠯᠠᠯᠲᠠᠨ ᠢ ᠤᠷᠢᠵᠤ᠂ ᠲᠣᠭᠲᠠᠬᠤ ᠰᠢᠶᠠᠨ᠂ ᠴᠢᠩ ᠱᠦᠢ ᠾᠧ ᠰᠢᠶᠠᠨ᠂ ᠰᠢᠨ᠎ᠡ | ᠬᠤᠳᠠ ᠲᠣᠭᠤᠷᠢᠭ ᠲᠤ ︽ᠰᠢᠶᠠᠨ ᠤ ᠬᠡᠪᠴᠢᠶᠡᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠵᠠᠯᠠᠭᠤ ᠨᠠᠰᠤᠨ ᠤ | ᠬᠦᠴᠦᠨ ᠴᠢᠳᠠᠯ ᠢᠶᠠᠨ ᠡᠷᠭᠦᠬᠦ︾ ᠠᠵᠢᠯᠯᠠᠭ᠎ᠠ ᠥᠷᠨᠢᠭᠦᠯᠵᠦ᠂ ᠲᠦᠷᠦᠯ ᠵᠦᠢᠯ᠂ ᠪᠡᠯᠡ ᠮᠥᠩᠭᠦ᠂ ᠮᠡᠷᠭᠡᠵᠢᠯ᠂ | ᠴᠢᠳᠠᠪᠤᠷᠢᠲᠠᠨ ᠵᠡᠷᠭᠡ ᠲᠠᠯ᠎ᠠ ᠶᠢᠨ ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠬᠡᠵᠦ᠂ ᠣᠷᠣᠨ ᠤ ᠲᠥᠪ | ᠬᠤᠲᠠ ᠶᠢᠨ ᠠᠵᠤ ᠠᠬᠤᠢ ᠶᠢᠨ ᠬᠥᠭᠵᠢᠯᠲᠡ ᠳᠤ ᠵᠠᠯᠠᠭᠤᠴᠤᠳ ᠤᠨ ᠬᠦᠴᠦᠨ ᠴᠢᠳᠠᠯ ᠢᠶᠠᠨ ᠨᠡᠮᠡᠷᠢᠯᠡᠪᠡ᠃ ᠵᠠᠯᠠᠭᠤ | ᠠᠵᠤ ᠠᠬᠤᠶᠢᠯᠠᠯᠲᠠᠳ ᠨᠡᠶᠢᠭᠡᠮ ᠳᠤ ᠠᠴᠢ ᠬᠠᠷᠢᠭᠤᠯᠤᠨ᠂ ᠨᠡᠶᠢᠳᠡ 1000 ᠲᠦᠮᠡ ᠭᠠᠷᠤᠢ ᠲᠥᠭᠦᠷᠢᠭ ᠤᠨ | ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠵᠠᠯᠠᠭᠤ ᠠᠵᠤ ᠠᠬᠤᠶᠢᠯᠠᠯᠲᠠᠳ ᠤᠨ ᠬᠠᠷᠢᠭᠤᠴᠠᠯᠭ᠎ᠠ ᠶᠢ ᠢᠯᠡᠷᠡᠭᠦᠯᠵᠦ᠂ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠲᠠᠭᠠᠰᠢᠶᠠᠯ ᠢ ᠤᠯᠪᠠ᠃ | ᠲᠠᠷᠠᠭᠠᠴᠢ ᠶᠢᠨ ᠠᠯᠬᠤᠮ ᠳᠤ᠂ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠦᠷᠭᠦᠯᠵᠢᠯᠡᠨ ᠲᠡᠮᠡᠴᠡᠬᠦ | ᠳᠤᠮᠳᠠ ᠤᠯᠠᠮᠵᠢᠯᠠᠨ ᠬᠦᠭᠵᠢᠵᠦ᠂ ᠨᠡᠶᠢᠭᠡᠮᠯᠢᠭ ᠢ ᠦᠨᠡᠨ ᠬᠦ ᠵᠠᠯᠠᠭᠤᠴᠤᠳ ᠢ ᠨᠢᠭᠲᠠᠷᠠᠭᠤᠯᠬᠤ᠂ ᠠᠵᠤ ᠠᠬᠤᠶ ᠳᠤ | ᠦᠢᠯᠡᠴᠢᠯᠡᠬᠦ ︽ᠶᠡᠭᠡ ᠭᠡᠷ ᠪᠦᠯᠢ︾ ᠪᠣᠯᠭᠠᠨ ᠴᠣᠭᠴᠠᠯᠠᠵᠤ᠂ ᠵᠠᠯᠠᠭᠤᠴᠤᠳ ᠤᠨ ᠠᠳᠠᠯ ᠦᠢᠯᠡᠰ ᠪᠦᠲᠦᠭᠡᠬᠦ | ᠬᠥᠭᠵᠢᠯᠲᠡ ᠶᠢᠨ ︽ᠴᠢᠩᠭ᠎ᠠ ᠰᠣᠷᠢᠨᠵᠢᠨ ᠣᠷᠣᠨ︾ ᠪᠣᠯᠭᠠᠬᠤ ᠪᠣᠯᠣᠨ᠎ᠠ᠃ |