ᠬᠥᠬᠡᠬᠤᠲᠠ 2024 ᠣᠨ ᠤ ᠲᠣᠭᠠᠴᠢᠯᠠᠭᠰᠠᠨ ᠠᠵᠤ ᠠᠬᠤᠢ ᠶᠢᠨ ᠵᠠᠭᠤᠨ ᠬᠦᠴᠦᠷᠬᠡᠭ ᠬᠤᠲᠠ ᠳᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/12/13

 
    ︵ᠰᠤᠷᠪᠤᠯᠵᠢᠯᠠᠭᠴᠢ ᠯᠢᠶᠠᠩ ᠵᠢᠩ ᠱᠥ︶ 12 ᠳ᠋ᠤᠭᠠᠷ ᠰᠠᠷ᠎ᠠ ᠶᠢᠨ 11 ᠤ ᠡᠳᠦᠷ᠂ ᠰᠤᠷᠪᠤᠯᠵᠢᠯᠠᠭᠴᠢ
ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠰᠠᠢ ᠳ᠋ᠢ ᠵᠥᠪᠯᠡᠭᠴᠢ ᠶᠢᠨ ᠨᠡᠶᠢᠲᠡᠯᠡᠭᠰᠡᠨ ︽2024 ᠣᠨ ᠤ ᠳᠤᠮᠳᠠᠳᠤ ᠤᠯᠤᠰ ᠤᠨ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠰᠤᠳᠤᠯᠭᠠᠨ ᠤ ᠮᠡᠳᠡᠭᠦᠯᠦᠯᠲᠡ︾ ᠶᠢ ᠦᠨᠳᠦᠰᠦᠯᠡᠨ᠂ ᠬᠥᠬᠡᠬᠤᠲᠠ 2024 ᠣᠨ ᠤ ᠲᠣᠭᠠᠴᠢᠯᠠᠭᠰᠠᠨ ᠠᠵᠤ ᠠᠬᠤᠢ ᠶᠢᠨ ᠵᠠᠭᠤᠨ ᠬᠦᠴᠦᠷᠬᠡᠭ ᠬᠤᠲᠠ ᠶᠢᠨ ᠨᠡᠷᠡᠰ ᠤᠨ ᠵᠢᠭᠰᠠᠭᠠᠯᠲᠠ ᠳᠤ 43 ᠳᠤ ᠣᠷᠣᠵᠤ᠂ 5 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠤ ᠵᠢᠭᠰᠠᠭᠠᠭᠳᠠᠪᠠ᠃     ᠣᠶᠢᠯᠠᠭᠠᠭᠰᠠᠨ ᠢᠶᠠᠷ᠂ ᠣᠳᠣᠬᠠᠨ ᠳᠤ᠂ ᠪᠥᠬᠦ ᠬᠤᠲᠠ ᠶᠢᠨ ᠶᠡᠷᠦᠩᠬᠡᠶ ᠪᠤᠳᠤᠯᠭ᠎ᠠ ᠶᠢᠨ ᠬᠦᠴᠦᠨ 4.4 ᠲᠦᠮᠡᠨ P ᠬᠦᠷᠴᠦ᠂ 2025 ᠣᠨ ᠪᠣᠯᠬᠤ ᠳᠤ ᠪᠤᠳᠤᠯᠭ᠎ᠠ ᠶᠢᠨ ᠬᠦᠴᠦᠨ ᠤ ᠶᠡᠷᠦᠩᠬᠡᠶ ᠬᠡᠪᠴᠢᠶ᠎ᠡ 8.4 ᠲᠦᠮᠡᠨ P ᠬᠥᠷᠬᠦ ᠪᠣᠯᠤᠨ᠎ᠠ᠃ ᠬᠥᠬᠡᠬᠤᠲᠠ ᠲᠥᠷᠥ ᠶᠢᠨ ᠪᠣᠳᠣᠯᠭ᠎ᠠ᠂ ᠣᠷᠣᠨ ᠪᠠᠶᠢᠷᠢ᠂ ᠥᠪᠡᠷ ᠤᠨ ᠥᠷᠲᠡᠭ᠂ ᠪᠣᠬᠢᠷᠲᠤᠯ ᠥᠬᠡᠶ ᠴᠠᠬᠢᠯᠭᠠᠨ ᠵᠡᠷᠭᠡ ᠳᠠᠪᠠᠭᠤᠯᠢᠭ ᠲᠠᠭᠠᠨ ᠲᠦᠰᠢᠭᠯᠡᠨ᠂ ᠪᠣᠬᠢᠷᠲᠤᠯ ᠥᠬᠡᠶ ᠪᠤᠳᠤᠯᠭ᠎ᠠ ᠶᠢᠨ ᠬᠦᠴᠦᠨ ᠵᠢᠴᠢ ᠬᠢᠮᠡᠯ ᠤᠶᠤᠨ ᠤ ᠠᠵᠤ ᠦᠢᠯᠡᠰ ᠢ ᠢᠳᠡᠪᠬᠢᠲᠡᠶ ᠪᠤᠶᠢᠵᠢᠭᠤᠯᠵᠤ᠂ ᠨᠢᠭᠡᠨᠲᠡ ᠮᠠᠰᠢ ᠣᠯᠠᠨ ᠴᠢᠬᠤᠯᠠ ᠲᠤᠭ᠎ᠠ ᠪᠠᠷᠢᠮᠲᠠ ᠶᠢᠨ ᠲᠥᠪ ᠢ ᠲᠥᠪᠯᠡᠷᠡᠭᠦᠯᠪᠡ᠃ ᠲᠤᠭ᠎ᠠ ᠪᠠᠷᠢᠮᠲᠠ ᠶᠢᠨ ᠲᠥᠪ ᠤᠨ ᠲᠣᠭᠤᠷᠢᠨ ᠳᠤ ᠪᠠᠰᠠ ᠴᠧᠩ ᠮᠧᠶ ᠰᠢᠨᠵᠢᠯᠡᠬᠦ ᠤᠬᠠᠭᠠᠨ ᠮᠡᠷᠭᠡᠵᠢᠯ᠂ ᠬᠡᠳᠦ ᠨᠡᠶᠢᠯᠡᠯᠲᠡ᠂ ᠵᠢᠶᠠᠩ ᠴᠧᠩ᠂ ᠮᠧᠩ ᠨᠢᠦ ᠪᠥᠬᠦ ᠪᠥᠮᠪᠥᠷᠴᠡᠭ ᠤᠨ ᠡᠯᠧᠺᠳ᠋ᠷᠤᠨ ᠬᠤᠳᠠᠯᠳᠤᠭᠠᠨ ᠤ ᠲᠠᠪᠴᠠᠩ᠂ ᠮᠧᠩ ᠼᠤᠤ ᠲᠠᠯ᠎ᠠ ᠨᠤᠲᠤᠭ ᠤᠨ ᠠᠮᠢ ᠠᠬᠤᠶ ᠶᠢᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ ᠵᠡᠷᠭᠡ ᠨᠢᠭᠡ ᠪᠦᠯᠦᠭ ᠲᠤᠭ᠎ᠠ ᠪᠠᠷᠢᠮᠲᠠ ᠶᠢᠨ ᠲᠥᠪ ᠤᠨ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠢ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠪᠠ᠃ ᠴᠧᠩ ᠮᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠷᠣᠨ ᠨᠤᠲᠤᠭ ᠤᠨ ᠰᠢᠨ ᠴᠤᠸᠠᠩ ᠨᠡᠷᠡᠲᠦ ᠲᠡᠮᠳᠡᠭᠲᠦ ᠺᠣᠮᠫᠢᠦ᠋ᠲ᠋ᠧᠷ ᠤᠨ ᠦᠢᠯᠡᠳᠪᠦᠷᠢᠯᠡᠯ ᠤᠨ ᠱᠤᠭᠤᠮ ᠪᠠ ᠥᠪᠥᠷ ᠮᠣᠩᠭᠤᠯ ᠤᠨ ᠮᠧᠩ ᠮᠠ ᠣᠶᠤᠨᠴᠢ ᠲᠣᠨᠤᠭ ᠲᠥᠬᠦᠭᠡᠷᠦᠮᠵᠢ ᠦᠢᠯᠡᠳᠬᠦ ᠬᠢᠵᠠᠭᠠᠷᠲᠤ ᠺᠣᠮᠫᠠᠨᠢ ᠶᠢᠨ ᠵᠠᠮ ᠬᠠᠷᠢᠯᠴᠠᠭᠠᠨ ᠤ ᠣᠶᠤᠨᠴᠢ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠤᠷᠢᠳ ᠬᠤᠵᠢᠳ ᠬᠤᠷᠢᠨᠭᠡᠷ ᠰᠢᠨ᠎ᠡ ᠲᠣᠭᠤᠷᠢᠭ ᠲᠤ ᠪᠠᠶᠢᠭᠤᠯᠤᠭᠳᠠᠨ ᠠᠰᠢᠭᠯᠠᠯᠲᠠ ᠳᠤ ᠣᠷᠣᠬᠤ ᠶᠣᠰᠣᠯᠠᠯ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠰᠢᠨ ᠴᠤᠸᠠᠩ ᠨᠠᠷᠠᠲᠤ ᠲᠡᠮᠳᠡᠭᠲᠦ ᠺᠣᠮᠫᠢᠦ᠋ᠲ᠋ᠧᠷ ᠦᠢᠯᠡᠳᠬᠦ ᠬᠤᠭᠤᠰᠣᠨ ᠢ ᠨᠥᠬᠦᠪᠥᠷᠢᠯᠡᠵᠦ᠂ ᠪᠥᠬᠦ ᠬᠤᠲᠠ ᠶᠢᠨ ᠪᠣᠳᠣᠯᠭ᠎ᠠ ᠶᠢᠨ ᠴᠠᠬᠢᠯᠭᠠᠨ ᠤ ᠲᠣᠭᠠᠴᠢᠯᠠᠭᠰᠠᠨ ᠲᠣᠨᠣᠭᠯᠠᠯ ᠦᠢᠯᠡᠳᠬᠦ ᠠᠵᠤ ᠦᠢᠯᠡᠰ ᠤᠨ ᠪᠥᠭᠡᠮᠨᠡᠷᠡᠯ ᠢ ᠲᠦᠷᠭᠡᠳᠬᠡᠪᠡ᠃ ᠳᠡᠭᠡᠳᠦ ᠳᠣᠤᠷᠠᠳᠤ ᠤᠷᠤᠰᠬᠠᠯ ᠤᠨ ᠬᠡᠯᠬᠢᠶ᠎ᠡ ᠨᠢ ᠲᠠᠰᠤᠷᠠᠯᠲᠠ ᠥᠬᠡᠶ ᠤᠷᠲᠤᠳᠴᠤ ᠬᠠᠮᠵᠢᠯᠴᠠᠨ ᠬᠦᠭᠵᠢᠬᠦ ᠠᠵᠤ ᠦᠢᠯᠡᠰ ᠤᠨ ᠠᠮᠢ ᠠᠬᠤᠶ ᠨᠢ ᠬᠥᠬᠡᠬᠤᠲᠠ ᠶᠢᠨ ᠪᠣᠬᠢᠷᠲᠤᠯ ᠥᠬᠡᠶ ᠪᠤᠳᠤᠯᠭ᠎ᠠ ᠶᠢᠨ ᠬᠦᠴᠦᠨ᠂ ᠬᠢᠮᠡᠯ ᠤᠶᠤᠨ ᠢᠶᠠᠷ ᠣᠨᠴᠠᠯᠢᠭ ᠪᠣᠯᠭᠠᠭᠰᠠᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠬᠦᠴᠦᠲᠡᠶ ᠠᠬᠢᠭᠤᠯᠵᠤ᠂ ᠪᠥᠬᠦ ᠤᠯᠤᠰ ᠲᠤ ᠨᠥᠯᠥᠭᠡᠯᠡᠬᠦ ᠬᠦᠴᠦᠨ ᠲᠠᠢ᠂ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠬᠤ ᠪᠣᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号