︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠥᠯᠥ | ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠨᠢ ︽ᠨᠢᠭᠡᠯᠡ ᠺᠣᠳ᠋︾ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ | ᠲᠥᠯᠥᠪᠵᠢᠭᠦᠯᠭᠡ ᠶᠢᠨ ᠨᠥᠬᠦᠴᠡᠯ᠂ ᠬᠤᠳᠠᠯᠳᠤᠬᠤ ᠭᠡᠷ᠎ᠡ᠂ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ᠂ | ᠭᠠᠵᠠᠷ ᠤᠨ ᠬᠠᠷᠢᠶ᠎ᠠ ᠶᠢᠨ ᠪᠠᠶᠢᠴᠠᠭᠠᠯᠲᠠ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠵᠡᠷᠭᠡ ᠭᠤᠭᠴᠤᠭ᠎ᠠ ᠳᠤ᠂ | ᠨᠢᠭᠡᠳᠦᠯᠲᠡᠢ ᠥᠯᠥ ᠬᠥᠳᠡᠯᠬᠦ ᠬᠥᠷᠥᠩᠭᠡ ᠶᠢᠨ ᠨᠢᠭᠡᠴᠢ ᠶᠢᠨ ᠨᠣᠮᠧᠷ ᠢ ᠬᠡᠷᠡᠭᠯᠡᠪᠡ᠃ ᠰᠢᠰᠲ᠋ᠧᠮ ᠤᠨ ᠲᠠᠪᠴᠠᠩ ᠤᠨ | ᠪᠠᠶᠢᠭᠤᠯᠤᠯᠲᠠ ᠪᠠ ᠰᠦᠯᠵᠢᠶᠡᠨ ᠨᠡᠪᠲᠡᠷᠡᠯᠭᠡ ᠶᠢ ᠴᠢᠩᠭᠠᠳᠬᠠᠵᠤ᠂ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ | ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠢᠰᠲ᠋ᠧᠮ ᠲᠠᠢ ᠰᠢᠭᠤᠳ | ᠬᠤᠯᠪᠣᠵᠤ᠂ ︽ᠣᠯᠠᠨ ᠬᠡᠮᠵᠢᠯᠲᠡ ᠶᠢ ᠨᠢᠭᠡᠳᠭᠡᠬᠦ︾ ᠲᠠᠪᠴᠠᠩ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠲᠣᠣᠷ ᠰᠦᠯᠵᠢᠶ᠎ᠡ᠂ ᠨᠡᠢᠭᠡᠮ ᠲᠣᠭᠤᠷᠢᠭ ᠤᠨ ᠠᠰᠠᠷ ᠬᠤᠳᠠᠯᠳᠤᠬᠤ ᠦᠵᠦᠭᠦᠷ ᠤᠨ ᠬᠠᠷᠢᠴᠠᠭ᠎ᠠ ᠶᠢ ᠨᠡᠪᠲᠡᠷᠡᠭᠦᠯᠵᠦ᠂ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ︽ᠳᠥᠷᠪᠡ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠶᠢ | ᠪᠡᠶᠡᠯᠡᠭᠦᠯᠪᠡ᠃ | ︽ᠳᠥᠷᠪᠡ ᠶᠢ ᠪᠠᠭᠠᠰᠬᠠᠵᠤ ᠨᠢᠭᠡ ᠶᠢ ᠰᠢᠯᠢᠳᠡᠭᠵᠢᠭᠦᠯᠬᠦ︾ ᠨᠢ ᠲᠤᠬᠠᠶᠢᠯᠠᠪᠠᠯ ᠭᠤᠭᠴᠤᠭ᠎ᠠ ᠶᠢ ᠪᠠᠭᠠᠰᠬᠠᠬᠤ᠂ | ᠮᠠᠲ᠋ᠧᠷᠢᠶᠠᠯ ᠢ ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ᠂ ᠴᠠᠭ ᠢ ᠪᠠᠭᠠᠰᠬᠠᠬᠤ᠂ ᠦᠢᠯᠡᠴᠢᠯᠡᠭᠡ ᠶᠢ | ᠰᠢᠯᠢᠳᠡᠭᠵᠢᠭᠦᠯᠬᠦ ᠪᠤᠯᠤᠨ᠎ᠠ᠃ ᠭᠤᠭᠴᠤᠭ᠎ᠠ ᠶᠢ ᠪᠠᠭᠠᠰᠬᠠᠵᠤ᠂ ᠳᠣᠲᠣᠭᠠᠳᠤ ᠶᠢᠨ ᠴᠤᠪᠤᠷᠠᠯ ᠢ ᠲᠣᠬᠢᠷᠠᠭᠤᠯᠬᠤ ᠪᠠ | ᠰᠦᠯᠵᠢᠶᠡᠨ ᠳᠡᠭᠡᠷ᠎ᠡ ᠮᠡᠳᠡᠭᠡ ᠵᠠᠩᠭᠢ ᠳᠠᠮᠵᠢᠭᠤᠯᠬᠤ ᠪᠠᠷ ᠳᠠᠮᠵᠢᠭᠤᠯᠤᠨ᠂ ᠳᠠᠩᠰᠠᠯᠠᠬᠤ ᠮᠡᠳᠡᠭᠡ ᠵᠠᠩᠭᠢ ᠶᠢ | ᠳᠣᠲᠣᠭᠠᠳᠤ ᠶᠢᠨ ᠬᠢᠨᠠᠨ ᠪᠠᠶᠢᠴᠠᠭᠠᠬᠤ ᠰᠠᠯᠠᠭ᠎ᠠ ᠲᠠᠰᠤᠭ ᠤᠨ ᠬᠤᠭᠤᠷᠣᠨᠳᠤ ᠡᠷᠭᠢᠯᠳᠦᠭᠦᠯᠵᠦ᠂ ᠠᠵᠢᠯ ᠶᠠᠪᠤᠳᠠᠯ | ᠭᠦᠢᠴᠡᠳᠭᠡᠬᠦ ᠣᠯᠠᠨ ᠲᠦᠮᠡᠨ ᠢ ᠵᠥᠪᠬᠡᠨ ᠨᠢᠭᠡ ᠯᠡ ᠴᠤᠩᠬᠤᠪᠴᠢ ᠳᠤ ᠨᠢᠭᠡ ᠯᠡ ᠤᠳᠠᠭ᠎ᠠ ᠮᠦᠷᠯᠡᠭᠦᠯᠵᠦ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ︽ᠨᠢᠭᠡ ᠯᠡ ᠨᠣᠮᠧᠷ ᠢᠶᠠᠷ ᠪᠦᠬᠦᠨ ᠢ ᠭᠦᠢᠴᠡᠳᠭᠡᠬᠦ︾ ᠶᠢ | ᠪᠡᠶᠡᠯᠡᠭᠦᠯᠦᠨ᠎ᠡ᠃ ᠮᠠᠲ᠋ᠧᠷᠢᠶᠠᠯ ᠢ ᠬᠠᠰᠤᠵᠤ᠂ ᠭᠤᠶᠤᠴᠢᠯᠠᠬᠤ ᠮᠠᠲ᠋ᠧᠷᠢᠶᠠᠯ ᠢ ᠰᠦᠯᠵᠢᠶ᠎ᠡ ᠳᠡᠭᠡᠷ᠎ᠡ ᠬᠠᠮᠲᠤ ᠪᠠᠷ | ᠡᠳ᠋ᠯᠡᠬᠦ ᠪᠠᠷ ᠳᠠᠮᠵᠢᠭᠤᠯᠤᠨ᠂ ᠤᠤᠯ ᠤᠨ ᠰᠢᠯᠵᠢᠭᠦᠯᠬᠦ ᠳᠡᠩᠰᠡᠯᠡᠯᠲᠡ ᠶᠢᠨ 5 ᠬᠤᠪᠢ ᠮᠠᠲ᠋ᠧᠷᠢᠶᠠᠯ ᠢ | ᠰᠢᠯᠢᠳᠡᠭᠵᠢᠭᠦᠯᠵᠦ 2 ᠬᠤᠪᠢ ᠭᠤᠶᠤᠴᠢᠯᠠᠬᠤ ᠮᠠᠲ᠋ᠧᠷᠢᠶᠠᠯ ᠪᠤᠯᠭᠠᠵᠠᠢ᠃ ᠥᠪᠡᠷ ᠤᠨ ᠥᠷᠲᠡᠭ ᠢ ᠬᠠᠰᠤᠵᠤ᠂ | ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠵᠠᠷᠤᠳᠠᠯ ᠢ | ᠬᠠᠰᠤᠵᠤ ᠬᠡᠯᠲᠦᠷᠢᠭᠦᠯᠪᠡ᠃ ᠴᠠᠭ ᠬᠤᠭᠤᠴᠠᠭ᠎ᠠ ᠶᠢ ᠪᠠᠭᠠᠰᠬᠠᠵᠤ᠂ ᠳᠣᠲᠣᠭᠠᠳᠤ ᠴᠤᠪᠤᠷᠠᠯ ᠢ ᠰᠢᠯᠢᠳᠡᠭᠵᠢᠭᠦᠯᠬᠦ᠂ | ᠭᠤᠶᠤᠴᠢᠯᠠᠯ ᠤᠨ ᠮᠠᠲ᠋ᠧᠷᠢᠶᠠᠯ ᠢ ᠴᠣᠮᠬᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠤᠳᠤᠯᠢᠶᠠᠨᠲᠠᠶ | ᠳᠠᠩᠰᠠᠯᠠᠬᠤ ᠲᠤᠬᠠᠶᠢᠯᠠᠭᠰᠠᠨ ᠠᠵᠢᠯ ᠢ 30 ᠠᠵᠢᠯᠯᠠᠬᠤ ᠡᠳᠦᠷ ᠪᠠᠶᠢᠭᠰᠠᠨ ᠠᠴᠠ 3 ᠠᠵᠢᠯᠯᠠᠬᠤ ᠡᠳᠦᠷ ᠤᠨ | ᠳᠣᠲᠣᠷ᠎ᠠ ᠭᠦᠢᠴᠡᠳᠭᠡᠵᠦ ᠳᠠᠭᠤᠰᠬᠠᠬᠤ ᠪᠣᠯᠭᠠᠨ ᠪᠣᠭᠤᠨᠢᠰᠬᠠᠵᠤ᠂ ᠡᠩ ᠤᠨ ᠳᠠᠩᠰᠠᠯᠠᠬᠤ ᠲᠤᠬᠠᠶᠢᠯᠠᠭᠰᠠᠨ ᠠᠵᠢᠯ ᠢ | 30 ᠠᠵᠢᠯᠯᠠᠬᠤ ᠡᠳᠦᠷ ᠠᠴᠠ 2 ᠴᠠᠭ ᠤᠨ ᠳᠣᠲᠣᠷ᠎ᠠ ᠳᠠᠭᠤᠰᠬᠠᠬᠤ ᠪᠣᠯᠭᠠᠨ ᠪᠣᠭᠤᠨᠢᠰᠬᠠᠵᠤ᠂ ᠳᠥᠭᠦᠮᠬᠡᠨ | ᠳᠠᠩᠰᠠᠯᠠᠬᠤ ᠲᠤᠬᠠᠶᠢᠯᠠᠭᠰᠠᠨ ᠠᠵᠢᠯ ᠢ 30 ᠠᠵᠢᠯᠯᠠᠬᠤ ᠡᠳᠦᠷ ᠪᠠᠶᠢᠭᠰᠠᠨ ᠠᠴᠠ ᠪᠠᠷᠢᠨ ᠭᠦᠢᠴᠡᠳᠭᠡᠬᠦ ᠪᠣᠯᠭᠠᠨ | ᠪᠣᠭᠤᠨᠢᠰᠬᠠᠪᠠ᠃ | ᠡᠭᠦᠨ ᠤ ᠬᠠᠮᠲᠤ᠂ ᠦᠢᠯᠡᠴᠢᠯᠡᠭᠡᠨ ᠤ ᠥᠩᠭᠡᠷᠡᠯᠲᠡ ᠪᠠᠨ ᠰᠢᠯᠢᠳᠡᠭᠵᠢᠭᠦᠯᠪᠡ᠃ ᠭᠤᠶᠤᠴᠢᠯᠠᠯ ᠤᠨ ᠪᠢᠴᠢᠭ᠂ | ᠯᠠᠪᠯᠠᠨ ᠠᠰᠠᠭᠤᠬᠤ ᠲᠡᠮᠳᠡᠭᠯᠡᠯ ᠤᠨ ᠬᠤᠶᠠᠷ ᠬᠦᠰᠦᠨᠦᠭᠲᠦ ᠶᠢ ᠨᠡᠶᠢᠯᠡᠭᠦᠯᠦᠨ ᠨᠢᠭᠡ ᠪᠣᠯᠭᠠᠵᠤ᠂ ︽ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠭᠤᠶᠤᠴᠢᠯᠠᠯ ᠤᠨ ᠪᠢᠴᠢᠭ︾ ᠪᠣᠯᠭᠠᠨ ᠰᠢᠯᠢᠳᠡᠭᠵᠢᠭᠦᠯᠪᠡ᠃ ᠭᠥᠯᠢᠶᠡᠨ ᠠᠪᠴᠤ | ᠰᠢᠢᠳᠪᠦᠷᠢᠯᠡᠬᠦ ᠭᠡᠷᠡᠴᠢ ᠪᠠᠷᠢᠮᠲᠠ᠂ ᠰᠦᠢᠳᠬᠡᠯ ᠬᠤᠷᠢᠶᠠᠬᠤ ᠮᠡᠳᠡᠭᠳᠡᠯ ᠤᠨ ᠬᠠᠭᠤᠳᠠᠰᠤ᠂ ᠭᠡᠷᠡᠴᠢ ᠪᠠᠷᠢᠮᠲᠠ ᠠᠪᠬᠤ | ᠭᠤᠷᠪᠠᠨ ᠬᠦᠰᠦᠨᠦᠭᠲᠦ ᠶᠢ ᠨᠡᠶᠢᠯᠡᠭᠦᠯᠦᠨ ᠨᠢᠭᠡᠳᠬᠡᠵᠦ᠂ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ | ᠭᠥᠯᠢᠶᠡᠨ ᠠᠪᠴᠤ ᠰᠢᠢᠳᠪᠦᠷᠢᠯᠡᠬᠦ ᠭᠡᠷᠡᠴᠢ ᠪᠠᠷᠢᠮᠲᠠ︾ ᠪᠣᠯᠭᠠᠨ ᠰᠢᠯᠢᠳᠡᠭᠵᠢᠭᠦᠯᠪᠡ᠃ ︽ᠭᠤᠤᠯ ᠠᠪᠴᠠᠭᠠᠨ ᠤ | ᠭᠡᠷ᠎ᠡ︾ ᠪᠠ ︽ᠪᠠᠷᠢᠴᠠᠭᠠᠯᠠᠬᠤ ᠭᠡᠷ᠎ᠡ︾ ᠶᠢ ᠨᠢᠭᠡ ︽ᠭᠤᠤᠯ ᠠᠪᠴᠠᠭᠠᠨ ᠤ ᠭᠡᠷ᠎ᠡ ᠵᠢᠴᠢ ᠪᠠᠷᠢᠴᠠᠭᠠᠯᠠᠬᠤ ᠭᠡᠷ᠎ᠡ ᠶᠢᠨ | ᠬᠦᠰᠦᠨᠦᠭᠲᠦ︾ ᠪᠣᠯᠭᠠᠨ ᠰᠢᠯᠢᠳᠡᠭᠵᠢᠭᠦᠯᠵᠦ᠂ ᠲᠤᠭᠠᠴᠢᠯᠠᠭᠰᠠᠨ ᠮᠡᠷᠭᠡᠵᠢᠯ ᠢᠶᠠᠷ ᠳᠠᠮᠵᠢᠭᠤᠯᠤᠨ᠂ | ᠤᠶᠤᠯᠴᠢᠯᠠᠯᠲᠠ ᠪᠠᠷ ᠬᠦᠰᠦᠨᠦᠭᠲᠦ ᠬᠠᠩᠭᠠᠬᠤ ᠪᠣᠯᠵᠤ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ | ᠦᠢᠯᠡᠴᠢᠯᠡᠭᠡᠨ ᠤ ᠣᠶᠢᠯᠠᠭᠠᠯᠲᠠ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ |