ᠬᠥᠬᠡᠬᠤᠲᠠ ᠪᠣᠯᠣᠨ ᠬᠠᠶᠢᠳᠢᠶᠠᠨ ᠲᠣᠭᠤᠷᠢᠭ ᠤᠨ ︽ᠬᠤᠶᠠᠷ ᠴᠠᠭ ᠤᠨ ᠵᠠᠢ ᠳᠤ ᠪᠡᠶᠡᠯᠡᠭᠦᠯᠬᠦ ᠰᠢᠨ᠎ᠡ ᠡᠭᠦᠳᠦᠯᠲᠡ ᠶᠢᠨ ᠲᠣᠭᠤᠷᠢᠭ︾ ᠢ ᠬᠠᠮᠲᠤ ᠪᠠᠷ ᠪᠠᠶᠢᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ
ᠨᠡᠶᠢᠲᠡᠯᠡᠭᠰᠡᠨ ᠴᠠᠭ᠄
2024/12/19
    ᠨᠢᠭᠡ ᠳᠤ ᠣᠶᠤᠨᠴᠢ ᠪᠣᠳᠣᠯᠲᠠ ᠶᠢᠨ ᠬᠦᠴᠦᠨ ᠢ ᠬᠠᠮᠲᠤ ᠪᠠᠷ ᠬᠦᠷᠲᠡᠬᠦ ᠦᠢᠯᠡᠴᠢᠯᠡᠭᠡᠨ ᠤ ᠲᠠᠪᠴᠠᠩ ᠢ ᠬᠠᠮᠲᠤ ᠪᠠᠷ ᠪᠠᠶᠢᠭᠤᠯᠪᠠ᠃ ᠪᠡᠭᠡᠵᠢᠩ ᠤᠨ ᠵᠣᠬᠢᠶᠠᠮᠠᠯ ᠣᠶᠤᠨᠴᠢ ᠣᠯᠠᠨ ᠨᠡᠶᠢᠲᠡ ᠶᠢᠨ ᠪᠣᠳᠣᠯᠲᠠ ᠶᠢᠨ ᠬᠦᠴᠦᠨ ᠤ ᠲᠠᠪᠴᠠᠩ ᠤᠨ ᠬᠥᠬᠡᠬᠤᠲᠠ ᠳᠠᠬᠢ ᠰᠠᠭᠤᠷᠢᠨ ᠭᠠᠵᠠᠷ ᠨᠢ ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ ᠪᠣᠳᠣᠬᠤ ᠢᠨᠵᠧᠨᠧᠷᠢᠩ ᠤᠨ ︽ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠬᠠᠮᠲᠤᠷᠠᠯᠴᠠᠭ᠎ᠠ ᠶᠢ ᠡᠬᠢᠯᠡᠭᠦᠯᠵᠦ᠂ ᠬᠤᠷᠢᠨᠭᠡᠷ ᠰᠢᠨ᠎ᠡ ᠲᠣᠭᠤᠷᠢᠭ ᠤᠨ ᠣᠯᠠᠨ ᠡᠭᠦᠯᠡᠨ ᠪᠣᠳᠣᠯᠲᠠ ᠶᠢᠨ ᠬᠦᠴᠦᠨ ᠤ ᠡᠬᠢ ᠪᠠᠶᠠᠯᠢᠭ ᠢ ᠬᠢᠨᠠᠨ ᠬᠡᠮᠵᠢᠬᠦ ᠪᠠ ᠲᠣᠬᠢᠷᠠᠭᠤᠯᠬᠤ ᠲᠠᠪᠴᠠᠩ ᠨᠢᠭᠡᠨᠲᠡ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ᠂ ᠵᠢᠯ ᠤᠨ ᠡᠴᠦᠰ ᠲᠤ ᠰᠦᠯᠵᠢᠶ᠎ᠡ ᠪᠠᠷ ᠠᠵᠢᠯᠯᠠᠵᠤ ᠡᠬᠢᠯᠡᠬᠦ ᠪᠣᠯᠣᠨ᠎ᠠ᠃  ᠬᠤᠶᠠᠷ ᠲᠤ ︽ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠣᠶᠤᠨᠴᠢ ᠪᠣᠳᠣᠯᠲᠠ ᠶᠢᠨ ᠠᠵᠤ ᠦᠢᠯᠡᠰ ᠤᠨ ᠬᠦᠷᠢᠶᠡᠯᠡᠩ ᠢ ᠬᠠᠮᠲᠤ ᠪᠠᠷ ᠪᠠᠶᠢᠭᠤᠯᠪᠠ᠃ ᠪᠡᠭᠡᠵᠢᠩ ᠤᠨ ᠡᠨᠧᠷᠭᠢ ᠶᠢᠨ ᠤᠯᠠᠨ ᠤᠯᠤᠰ ᠤᠨ ᠬᠤᠪᠢ ᠡᠵᠡᠮᠳᠡᠭᠰᠡᠨ ᠺᠣᠮᠫᠠᠨᠢ ᠪᠠᠷᠤᠭ 200 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ᠂ ᠪᠣᠳᠣᠯᠲᠠ ᠶᠢᠨ ᠬᠦᠴᠦᠨ ᠤ ᠬᠡᠪᠴᠢᠶ᠎ᠡ ᠪᠠᠷ 9 ᠲᠦᠮᠡᠨ P ᠲᠤ ᠬᠦᠷᠬᠦ ︽ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠣᠶᠤᠨᠴᠢ ᠪᠤᠳᠤᠬᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ 2025 ᠣᠨ ᠤ ᠡᠴᠦᠰ ᠲᠤ ᠨᠢᠭᠡᠳᠦᠭᠡᠷ ᠬᠤᠭᠤᠴᠠᠭᠠᠨ ᠤ 1 ᠲᠦᠮᠡᠨ P ᠪᠣᠳᠣᠯᠲᠠ ᠶᠢᠨ ᠬᠦᠴᠦᠨ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ︔ ᠪᠡᠭᠡᠵᠢᠩ ᠤᠨ ᠵᠢᠩ ᠨᠧᠩ  ᠲᠤᠭᠠᠴᠢᠯᠠᠭᠰᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠤᠯ ᠤᠨ ᠰᠢᠨ ᠳ᠋ᠦᠩ ᠵᠢᠢ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤᠷᠠᠨ ᠠᠵᠢᠯᠯᠠᠵᠤ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠷᠢᠨᠭᠡᠷ ᠰᠢᠨ᠎ᠡ ᠲᠣᠭᠤᠷᠢᠭ ᠲᠤ ᠶᠢᠩ ᠸᠧᠢ ᠳ᠋ᠠ ᠪᠣᠳᠣᠯᠲᠠ ᠶᠢᠨ ᠬᠦᠴᠦᠨ ᠢ 1 ᠲᠦᠮᠡᠨ P ᠪᠠᠶᠢᠷᠢᠯᠠᠭᠤᠯᠬᠤ ᠪᠠᠷ ᠲᠥᠯᠥᠪᠯᠡᠵᠦ ᠪᠤᠢ᠃ ᠭᠤᠷᠪᠠ ᠳᠤ ᠪᠣᠳᠣᠯᠲᠠ ᠶᠢᠨ ᠬᠦᠴᠦᠨ ᠤ ᠲᠣᠬᠢᠷᠠᠭᠤᠯᠭ᠎ᠠ ᠶᠢᠨ ᠪᠦᠲᠦᠭᠡᠨ ᠪᠠᠶᠢᠭᠤᠯᠤᠯᠲᠠ᠃ ᠬᠤᠷᠢᠨᠭᠡᠷ ᠰᠢᠨ᠎ᠡ ᠲᠣᠭᠤᠷᠢᠭ ᠤᠨ ᠣᠯᠠᠨ ᠡᠭᠦᠯᠡᠨ ᠪᠣᠳᠣᠯᠲᠠ ᠶᠢᠨ ᠬᠦᠴᠦᠨ ᠤ ᠡᠬᠢ ᠪᠠᠶᠠᠯᠢᠭ ᠢ ᠬᠢᠨᠠᠨ ᠬᠡᠮᠵᠢᠬᠦ ᠪᠠ ᠲᠣᠬᠢᠷᠠᠭᠤᠯᠬᠤ ᠲᠠᠪᠴᠠᠩ ᠢᠶᠠᠷ ᠳᠠᠮᠵᠢᠭᠤᠯᠤᠨ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠬᠥᠬᠡᠬᠤᠲᠠ ᠶᠢᠨ ᠳ᠋ᠠᠶᠢᠲ᠋ᠠ ᠶᠢᠨ ᠲᠥᠪ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠭᠦᠯᠡᠨ ᠪᠣᠳᠣᠯᠲᠠ ᠶᠢᠨ ᠥᠪᠥᠷ ᠮᠣᠩᠭᠤᠯ ᠤᠨ ᠮᠡᠳᠡᠭᠡ ᠵᠠᠩᠭᠢ ᠶᠢᠨ ᠡᠬᠢ ᠰᠤᠷᠪᠤᠯᠵᠢ ᠵᠡᠷᠭᠡ ᠪᠣᠳᠣᠯᠲᠠ ᠶᠢᠨ ᠬᠦᠴᠦᠨ ᠤ ᠡᠬᠢ ᠪᠠᠶᠠᠯᠢᠭ ᠢ ᠵᠠᠯᠭᠠᠨ ᠣᠷᠣᠭᠤᠯᠵᠤ᠂ ︽ᠪᠣᠳᠣᠯᠲᠠ ᠶᠢᠨ ᠬᠦᠴᠦᠨ ᠢ ᠪᠡᠭᠡᠵᠢᠩ ᠳᠤ ᠣᠷᠣᠭᠤᠯᠬᠤ︾ ᠪᠣᠯᠣᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号