ᠴᠠᠰᠤ ᠣᠷᠣᠭᠰᠠᠨ ᠤ ᠳᠠᠷᠠᠭ᠎ᠠ᠂ ᠪᠦᠬᠦ᠋ᠢᠯᠡ ᠬᠤᠲᠠ ᠮᠥᠩᠭᠦᠨ ᠴᠠᠭᠠᠨ ᠥᠩᠭᠡ ᠪᠠᠷ ᠬᠤᠴᠢᠭᠳᠠᠵᠤ᠂ | ᠬᠤᠷᠠᠭᠰᠠᠨ ᠴᠠᠰᠤ ᠨᠢ ᠬᠤᠲᠠ ᠶᠢᠨ ᠠᠷᠠᠳ ᠤᠨ ᠶᠠᠪᠤᠵᠤ ᠰᠠᠭᠤᠬᠤ ᠪᠠ ᠡᠳᠦᠷ ᠲᠤᠲᠤᠮ ᠤᠨ ᠠᠮᠢᠳᠤᠷᠠᠯ ᠳᠤ ᠮᠠᠰᠢ | ᠣᠯᠠᠨ ᠳᠥᠭᠦᠮ ᠦᠭᠡᠢ ᠪᠠᠶᠢᠳᠠᠯ ᠢ ᠠᠪᠴᠢᠷᠠᠭᠰᠠᠨ ᠪᠠᠶᠢᠨ᠎ᠠ᠃ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ | ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠭᠦᠯᠬᠦ ᠶᠢᠨ ᠲᠥᠯᠥᠭᠡ᠂ ᠬᠤᠲᠣᠩ ᠠᠷᠠᠳ ᠤᠨ | ᠲᠣᠭᠤᠷᠢᠭ ᠤᠨ ᠬᠢᠨ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠬᠤᠷᠠᠭᠰᠠᠨ ᠴᠠᠰᠤ ᠪᠠᠷ ᠳᠣᠬᠢᠶ᠎ᠠ ᠪᠣᠯᠭᠠᠵᠤ᠂ | ᠴᠠᠰᠤ ᠠᠷᠢᠯᠭᠠᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠪᠡ᠃ | | | | | ᠬᠤᠲᠣᠩ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ | ᠲᠥᠪ ᠴᠠᠰᠤ ᠣᠷᠣᠬᠤ ᠪᠠᠶᠢᠳᠠᠯ ᠢ ᠦᠨᠳᠦᠰᠦᠯᠡᠨ᠂ ᠠᠵᠢᠯᠯᠠᠬᠤ ᠠᠷᠭ᠎ᠠ ᠮᠠᠶᠢᠭ ᠢᠶᠠᠨ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂︽ᠴᠠᠰᠤ ᠣᠷᠤᠮᠠᠭᠴᠠ ᠬᠦᠳᠡᠯᠦᠯᠴᠡᠨ ᠳᠠᠷᠤᠢ ᠳᠤᠨᠢ ᠠᠷᠢᠯᠭᠠᠨ ᠮᠠᠰᠢᠨ ᠵᠤᠭᠰᠤᠯ ᠦᠭᠡᠢ | ᠠᠵᠢᠯᠯᠠᠬᠤ︾ ᠠᠵᠢᠯ ᠤᠨ ᠵᠠᠷᠴᠢᠮ ᠢ ᠵᠢᠷᠤᠮᠯᠠᠬᠤ ᠬᠡᠷᠡᠭᠲᠡᠢ᠃ 19 ᠤ ᠡᠳᠦᠷ ᠮᠠᠰᠢᠨ ᠢᠶᠠᠷ ᠴᠡᠪᠡᠷᠯᠡᠨ ᠠᠷᠢᠯᠭᠠᠬᠤ ᠪᠠᠷ | ᠭᠤᠣᠯ ᠪᠣᠯᠭᠠᠵᠤ᠂ ᠬᠥᠮᠥᠨ ᠤ ᠬᠦᠴᠦ ᠪᠠᠷ ᠴᠠᠰᠤ ᠠᠷᠢᠯᠭᠠᠬᠤ ᠪᠠᠷ ᠬᠠᠪᠰᠤᠷᠤᠮᠵᠢ ᠪᠣᠯᠭᠠᠭᠰᠠᠨ ᠠᠵᠢᠯᠯᠠᠬᠤ ᠠᠷᠭ᠎ᠠ | ᠮᠠᠶ᠋ᠢᠭ ᠢ ᠠᠪᠴᠤ᠂ ᠴᠠᠰᠤ ᠠᠷᠢᠯᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ ᠰᠥᠨᠢ ᠨᠢ ᠪᠣᠳᠠᠲᠠᠢ ᠪᠠᠶᠢᠳᠠᠯ ᠢᠶᠠᠨ | ᠦᠨᠳᠦᠰᠦᠯᠡᠨ᠂ ᠴᠠᠭ ᠲᠤ ᠨᠢ ᠲᠣᠬᠢᠷᠠᠭᠤᠯᠤᠨ ᠬᠥᠮᠥᠨ ᠤ ᠬᠦᠴᠦ ᠪᠠᠷ ᠴᠡᠪᠡᠷᠯᠡᠨ ᠠᠷᠢᠯᠭᠠᠬᠤ ᠪᠠᠷ ᠭᠤᠣᠯ | ᠪᠣᠯᠭᠠᠵᠤ᠂ ᠮᠠᠰᠢᠨ ᠢᠶᠠᠷ ᠱᠦᠭᠦᠷᠳᠡᠬᠦ ᠪᠠᠷ ᠬᠠᠪᠰᠤᠷᠤᠮᠵᠢ ᠪᠣᠯᠭᠠᠵᠤ᠂ ᠰᠥᠨᠢ ᠶᠢᠨ ᠵᠠᠮ ᠤᠨ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠢ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠬᠠᠬᠢᠷ ᠬᠦᠢᠲᠡᠨ ᠠᠴᠠ | ᠠᠶᠤᠬᠤ ᠦᠭᠡᠢ᠂ ᠭᠤᠣᠯ ᠵᠠᠮ ᠪᠠ ᠶᠠᠪᠠᠭᠠᠨ ᠬᠥᠮᠥᠨ ᠤ ᠵᠠᠮ ᠤᠨ ᠬᠤᠷᠠᠭᠰᠠᠨ ᠴᠠᠰᠤ ᠶᠢ ᠴᠠᠭ ᠲᠤᠬᠠᠢ ᠳᠤᠨᠢ | ᠴᠡᠪᠡᠷᠯᠡᠬᠦ ᠶᠢ ᠦᠨᠡᠨ ᠬᠦ ᠪᠠᠲᠤᠯᠠᠵᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠪᠠ᠃ | | | | | | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠴᠤ ᠢᠳᠡᠪᠬᠢᠲᠡᠢ ᠪᠠᠷ ᠬᠥᠳᠡᠯᠦᠯᠴᠡᠵᠦ᠂ ᠨᠡᠶᠢᠭᠡᠮ | ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠪᠣᠯᠣᠨ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠢ ᠵᠣᠬᠢᠶᠠᠨ ᠪᠠᠶᠢᠭᠤᠯᠤᠨ ᠴᠠᠰᠤ ᠠᠷᠢᠯᠭᠠᠬᠤ ᠠᠵᠢᠯᠯᠠᠭ᠎ᠠ ᠳᠤ ᠣᠷᠣᠯᠴᠠᠭᠤᠯᠪᠠ᠃ ᠲᠡᠳᠡ ᠲᠡᠮᠦᠷ ᠬᠦᠷᠵᠡ | ᠪᠣᠯᠣᠨ ᠱᠦᠭᠦᠷᠳᠡᠵᠦ ᠴᠡᠪᠡᠷᠯᠡᠬᠦ ᠠᠵᠢᠯ ᠬᠢᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠪᠠ᠃ ᠡᠭᠦᠨ ᠤ | ᠬᠠᠮᠲᠤ᠂ ᠵᠠᠷᠢᠮ ᠬᠤᠳᠠᠯᠳᠤᠭᠠᠴᠢᠨ ᠪᠣᠯᠣᠨ ᠠᠵᠤ ᠠᠬᠤᠶᠢᠯᠠᠯ ᠴᠤ ᠰᠠᠶᠢᠨ ᠳᠤᠷ᠎ᠠ ᠠᠴᠠ ᠪᠠᠨ ᠴᠠᠰᠤ ᠠᠷᠢᠯᠭᠠᠬᠤ | ᠠᠵᠢᠯ ᠳᠤ ᠣᠷᠣᠯᠴᠠᠵᠤ᠂ ᠣᠯᠠᠨ ᠢᠶᠠᠷ ᠢᠶᠠᠨ ᠬᠠᠬᠢᠷ ᠬᠦᠢᠲᠡᠨ ᠠᠴᠠ ᠠᠶᠤᠬᠤ ᠦᠭᠡᠢ᠂ ᠨᠢᠭᠲᠠ ᠬᠠᠮᠵᠢᠯᠴᠠᠵᠤ᠂ | ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠡᠳᠦᠶᠢᠪᠡᠷ ᠠᠭᠤᠷ ᠠᠮᠢᠰᠬᠤᠯ ᠬᠠᠬᠢᠷ ᠬᠦᠢᠲᠡᠨ | ᠪᠣᠯᠪᠠᠴᠤ ᠣᠯᠠᠨ ᠢᠶᠠᠷ ᠢᠶᠠᠨ ᠴᠠᠰᠤ ᠠᠷᠢᠯᠭᠠᠬᠤ ᠬᠠᠯᠠᠭᠤᠨ ᠰᠡᠳᠬᠢᠯᠭᠡ ᠣᠷᠭᠢᠯᠵᠤ᠂ ᠣᠯᠠᠨ ᠤ ᠬᠠᠮᠲᠤ ᠶᠢᠨ | ᠴᠢᠷᠮᠠᠶᠢᠯᠭ᠎ᠠ ᠪᠠᠷ᠂ ᠬᠠᠮᠤᠭ ᠤᠨ ᠲᠡᠷᠢᠭᠦᠨ ᠳᠤ ᠵᠠᠮ ᠤᠨ ᠬᠤᠷᠠᠭᠰᠠᠨ ᠴᠠᠰᠤ ᠶᠢ ᠠᠷᠢᠯᠭᠠᠵᠤ᠂ ᠠᠮᠤᠷ ᠲᠦᠪᠰᠢᠨ ᠤ | ᠳᠠᠯᠳᠠ ᠬᠡᠮ ᠢ ᠠᠷᠢᠯᠭᠠᠵᠤ᠂ ᠵᠠᠮ ᠳᠡᠭᠡᠷᠡᠬᠢ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ |