ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠲᠥᠪᠯᠡᠷᠡᠭᠦᠯᠦᠨ ᠨᠠᠮ ᠤᠨ ᠳᠦᠷᠢᠮ ᠢ ᠰᠤᠷᠤᠯᠴᠠᠵᠠᠢ
ᠨᠡᠶᠢᠲᠡᠯᠡᠭᠰᠡᠨ ᠴᠠᠭ᠄
2024/12/23
    ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ 12 ᠰᠠᠷ᠎ᠠ ᠶᠢᠨ 20  ᠤ ᠡᠳᠦᠷ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ 2 ᠳ᠋ᠤᠭᠠᠷ ᠠᠰᠠᠷ ᠤᠨ 323  ᠳ᠋ᠤᠭᠠᠷ ᠬᠤᠷᠠᠯ ᠤᠨ ᠭᠡᠷ ᠲᠤ ᠨᠠᠮ ᠤᠨ ᠳᠦᠷᠢᠮ ᠢ ᠲᠥᠪᠯᠡᠷᠡᠭᠦᠯᠦᠨ ᠰᠤᠷᠤᠯᠴᠠᠭᠤᠯᠵᠤ᠂ ᠨᠠᠮ ᠤᠨ ᠭᠡᠰᠢᠭᠦᠨ ᠤ ᠨᠠᠮ ᠤᠨ ᠳᠦᠷᠢᠮ ᠤᠨ ᠲᠤᠬᠠᠢ ᠣᠶᠢᠯᠠᠭᠠᠯᠲᠠ ᠪᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠭᠠᠵᠤ᠂ ᠨᠠᠮ ᠤᠨ ᠭᠡᠰᠢᠭᠦᠨ ᠤ ᠤᠯᠤᠰ ᠲᠥᠷᠥ ᠶᠢᠨ ᠤᠬᠠᠮᠰᠠᠷ ᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠵᠠᠢ᠃
    ᠲᠣᠰ ᠤᠳᠠᠭᠠᠨ ᠤ ᠰᠤᠷᠤᠯᠴᠠᠯᠭ᠎ᠠ ᠶᠢᠨ ᠠᠵᠢᠯᠯᠠᠭ᠎ᠠ ᠳᠤᠮᠳᠠ᠂ ᠨᠠᠮ ᠤᠨ ᠡᠭᠦᠷ ᠤᠨ ᠱᠦᠵᠢ ᠴᠠᠢ ᠯᠦ ᠶᠦᠩ ᠡᠩ ᠲᠡᠷᠢᠭᠦᠨ ᠳᠤ ᠣᠯᠠᠨ ᠢ ᠳᠠᠭᠠᠭᠤᠯᠤᠨ ᠨᠠᠮ ᠤᠨ ᠳᠦᠷᠢᠮ ᠤᠨ ᠶᠡᠷᠦᠩᠬᠡᠢ ᠬᠥᠲᠥᠯᠪᠦᠷᠢ ᠶᠢᠨ ᠬᠡᠰᠡᠭ ᠢ ᠳᠠᠬᠢᠨ ᠡᠷᠭᠢᠴᠡᠭᠦᠯᠵᠦ᠂ ᠨᠠᠮ ᠤᠨ ᠰᠢᠨᠵᠢ ᠴᠢᠨᠠᠷ᠂ ᠵᠣᠷᠢᠯᠲᠠ ᠪᠠ ᠵᠢᠯᠤᠭᠤᠳᠬᠤ ᠦᠵᠡᠯ ᠰᠠᠨᠠᠭ᠎ᠠ ᠶᠢ ᠴᠢᠬᠤᠯᠠᠴᠢᠯᠠᠪᠠ᠃ ᠳᠠᠷᠠᠭ᠎ᠠ ᠨᠢ᠂ ᠨᠠᠮ ᠤᠨ ᠭᠡᠰᠢᠭᠦᠳ ᠨᠠᠮ ᠤᠨ ᠳᠦᠷᠢᠮ ᠤᠨ ᠪᠣᠳᠠᠲᠠᠢ ᠠᠭᠤᠯᠭ᠎ᠠ ᠶᠢ ᠵᠤᠷᠪᠤᠰ ᠳᠠᠷᠠᠭᠠᠯᠠᠨ ᠰᠤᠷᠤᠯᠴᠠᠵᠤ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠨᠠᠮ ᠤᠨ ᠺᠠᠳ᠋ᠷ᠂ ᠨᠠᠮ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠶᠠᠷᠢᠯᠴᠠᠪᠠ᠃     ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠨᠠᠮ ᠤᠨ ᠭᠡᠰᠢᠭᠦᠳ᠂ ᠨᠠᠮ ᠤᠨ ᠳᠦᠷᠢᠮ ᠤᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠵᠤ᠂ ᠬᠤᠶᠢᠰᠢᠳᠠ ᠥᠪᠡᠷ ᠢ ᠪᠠᠨ ᠨᠠᠩ ᠴᠢᠩᠭ᠎ᠠ ᠱᠠᠭᠠᠷᠳᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ ᠡᠭᠦᠨ ᠤ ᠬᠠᠮᠲᠤ᠂ ᠨᠠᠮ ᠤᠨ ᠡᠭᠦᠷ ᠴᠦ ᠨᠠᠮ ᠤᠨ ᠭᠡᠰᠢᠭᠦᠨ ᠤ ᠬᠥᠮᠦᠵᠢᠯ ᠪᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠡᠭᠦᠷ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠣᠯᠤᠨ᠎ᠠ᠃     ᠬᠤᠲᠣᠩ ᠠᠷᠠᠳ ᠤᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠡᠭᠦᠨ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠤ ᠤᠯᠤᠰ ᠲᠦᠷᠦ ᠶᠢᠨ ᠬᠡᠪ ᠴᠢᠨᠠᠷ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠲᠣᠩ ᠠᠷᠠᠳ ᠤᠨ ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号