​ 7.7 ᠲᠦᠮᠡᠨ ᠰᠢᠯᠭᠠᠭᠤᠯᠤᠭᠴᠢ ᠣᠷᠣᠯᠴᠠᠵᠠᠢ
ᠨᠡᠶᠢᠲᠡᠯᠡᠭᠰᠡᠨ ᠴᠠᠭ᠄
2024/12/24
     12 ᠰᠠᠷ᠎ᠠ ᠶᠢᠨ 21 ᠠᠴᠠ 22 ᠤᠨ ᠡᠳᠦᠷ ᠪᠤᠯᠲᠠᠯ᠎ᠠ᠂ ᠬᠤᠶᠠᠷ ᠡᠳᠦᠷ ᠤᠨ ᠬᠤᠭᠤᠴᠠᠭ᠎ᠠ ᠲᠠᠢ ᠥᠪᠥᠷ ᠮᠣᠩᠭᠤᠯ ᠤᠨ 2025 ᠣᠨ ᠤ ᠪᠦᠭᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ (ᠠᠩᠬᠠᠨ ᠤ ᠰᠢᠯᠭᠠᠯᠲᠠ) ᠤᠷᠤᠭᠰᠢᠲᠠᠢ ᠶᠠᠪᠤᠭᠳᠠᠪᠠ᠃ ᠲᠣᠰ ᠤᠳᠠᠭᠠᠨ ᠤ ᠰᠢᠯᠭᠠᠯᠲᠠ ᠳᠤ ᠨᠡᠶᠢᠲᠡ 7.7 ᠲᠦᠮᠡᠨ ᠰᠢᠯᠭᠠᠭᠤᠯᠤᠭᠴᠢ ᠮᠠᠨ ᠤ ᠣᠷᠣᠨ ᠳᠤ ᠨᠡᠷ᠎ᠡ ᠮᠡᠳᠡᠭᠦᠯᠦᠭᠰᠡᠨ ᠪᠥᠭᠡᠳ 12 ᠠᠶᠢᠮᠠᠭ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠ 10 ᠶᠡᠭᠡ ᠳᠡᠭᠡᠳᠦ ᠰᠤᠷᠭᠠᠭᠤᠯᠢ ᠶᠢᠨ 62 ᠰᠢᠯᠭᠠᠯᠲᠠ ᠶᠢᠨ ᠴᠡᠭ ᠲᠤ ᠰᠢᠯᠭᠠᠯᠲᠠ ᠳᠤ ᠣᠷᠣᠯᠴᠠᠵᠠᠢ᠃ ᠲᠣᠰ ᠤᠳᠠᠭᠠᠨ ᠤ ᠰᠢᠯᠭᠠᠯᠲᠠ ᠳᠤ ᠨᠡᠶᠢᠲᠡ 2581 ᠵᠢᠩᠬᠢᠨᠢ ᠰᠢᠯᠭᠠᠯᠲᠠ ᠶᠢᠨ ᠲᠠᠯᠠᠪᠠᠶ ᠪᠠ 186 ᠪᠡᠯᠡᠳᠬᠡᠯ ᠰᠢᠯᠭᠠᠯᠲᠠ ᠶᠢᠨ ᠲᠠᠯᠠᠪᠠᠶ ᠲᠣᠬᠢᠷᠠᠭᠤᠯᠵᠤ᠂ ᠴᠥᠮ ᠥᠪᠡᠷᠲᠡᠭᠡᠨ ᠵᠠᠰᠠᠬᠤ ᠣᠷᠣᠨ ᠤ ᠲᠠᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭᠠᠬᠢ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠶ ᠪᠣᠯᠣᠨ᠎ᠠ᠃     ᠰᠢᠯᠭᠠᠯᠲᠠ ᠶᠢᠨ ᠬᠤᠭᠤᠴᠠᠭᠠᠨ ᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠰᠤᠷᠤᠬᠴᠢ ᠡᠯᠰᠡᠬᠦ ᠰᠢᠯᠭᠠᠯᠲᠠ ᠶᠢᠨ ᠵᠥᠪᠯᠡᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠢᠶᠠᠨ ᠢᠳᠡᠪᠬᠢᠲᠡᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠨᠡᠶᠢᠲᠡ 22 ᠲᠣᠭᠤᠷᠢᠨ ᠰᠢᠯᠭᠠᠬᠤ ᠳᠤᠭᠤᠶᠢᠯᠠᠩ ᠲᠣᠮᠢᠯᠠᠵᠤ᠂ 33 ᠨᠥᠬᠦᠷ ᠢ ᠴᠡᠭ ᠲᠤ ᠰᠠᠭᠤᠯᠭᠠᠨ ᠲᠣᠭᠤᠷᠢᠨ ᠰᠢᠯᠭᠠᠭᠤᠯᠵᠤ᠂ ᠰᠢᠯᠭᠠᠯᠲᠠ ᠶᠢᠨ ᠶᠠᠪᠤᠳᠠᠯ ᠤᠨ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠪᠠ᠃ ᠢᠨᠲ᠋ᠧᠷ ᠰᠦᠯᠵᠢᠶ᠎ᠡ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠰᠢᠯᠭᠠᠯᠲᠠ ᠳᠤ ᠬᠤᠯᠪᠣᠭᠳᠠᠭᠰᠠᠨ ᠰᠦᠯᠵᠢᠶᠡᠨ ᠤ ᠣᠷᠴᠢᠨ ᠲᠣᠭᠤᠷᠢᠨ ᠢ ᠴᠡᠪᠡᠷᠰᠢᠭᠦᠯᠬᠦ᠂ ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠰᠢᠭᠦᠯᠬᠦ᠂ ᠭᠡᠮ ᠬᠢᠬᠦ ᠪᠠᠭᠠᠵᠢ ᠬᠡᠷᠡᠭᠰᠡᠯ ᠪᠣᠷᠣᠯᠠᠭᠤᠯᠬᠤ ᠳᠤ ᠴᠣᠬᠢᠯᠲᠠ ᠥᠭᠬᠦ᠂ ᠭᠠᠷ ᠤᠲᠠᠰᠤᠨ ᠳᠤ ᠭᠡᠮ ᠬᠢᠬᠦ ᠳᠤ ᠴᠣᠬᠢᠯᠲᠠ ᠥᠭᠬᠦ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠯᠭᠠᠯᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠰᠢᠯᠭᠠᠯᠲᠠ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠪᠡ᠃ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠦᠨᠡᠨᠴᠢ ᠢᠲᠡᠭᠡᠮᠵᠢᠲᠡᠢ ᠰᠢᠯᠭᠠᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ︽ᠰᠢᠯᠭᠠᠯᠲᠠ ᠳᠤ ᠭᠡᠮ ᠬᠢᠪᠡᠯ ᠡᠷᠡᠭᠦᠦ ᠰᠢᠢᠳᠬᠡᠯ ᠳᠤ ᠥᠷᠲᠥᠨ᠎ᠡ︾ ᠭᠡᠳᠡᠭ ᠢ ᠶᠡᠭᠡ ᠪᠠᠷ ᠤᠬᠠᠭᠤᠯᠤᠨ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠦᠨᠡᠨᠴᠢ ᠢᠲᠡᠭᠡᠮᠵᠢᠲᠡᠢ ᠰᠢᠯᠭᠠᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠤᠶ ᠪᠣᠯᠭᠠᠪᠠ᠃     ᠰᠢᠯᠭᠠᠭᠤᠯᠤᠭᠴᠢ ᠶᠢᠨ ᠭᠠᠷ ᠤᠲᠠᠰᠤ ᠪᠠᠨ ᠠᠪᠴᠤ ᠰᠢᠯᠭᠠᠯᠲᠠ ᠶᠢᠨ ᠲᠠᠯᠠᠪᠠᠶ ᠳᠤ ᠣᠷᠣᠬᠤ ᠶᠢ ᠡᠬᠢ ᠡᠭᠦᠰᠦᠯ ᠠᠴᠠ ᠨᠢ ᠬᠤᠷᠢᠭᠯᠠᠵᠤ᠂ ᠭᠠᠷ ᠤᠲᠠᠰᠤ ᠪᠠᠷ ᠭᠡᠮ ᠬᠢᠬᠦ ᠦᠶᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠪᠠᠶᠢᠭᠤᠯᠤᠮᠵᠢ ᠪᠣᠯᠣᠨ ᠡᠯ᠎ᠡ ᠰᠢᠯᠭᠠᠯᠲᠠ ᠶᠢᠨ ᠲᠣᠭᠤᠷᠢᠭ ᠨᠢ ᠰᠢᠯᠭᠠᠯᠲᠠ ᠶᠢᠨ ᠭᠠᠵᠠᠷ ᠲᠤ ᠣᠷᠣᠬᠤ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ︽2+1︾ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠨᠠᠶᠢᠳᠠᠪᠤᠷᠢᠵᠢᠭᠤᠯᠵᠤ᠂ ᠰᠢᠯᠭᠠᠯᠲᠠ ᠶᠢᠨ ᠲᠠᠯᠠᠪᠠᠶ ᠵᠢᠴᠢ ᠰᠢᠯᠭᠠᠯᠲᠠ ᠶᠢᠨ ᠴᠡᠭ ᠲᠠᠬᠢ ᠰᠢᠯᠭᠠᠭᠤᠯᠤᠭᠴᠢ ᠶᠢᠨ ᠣᠷᠣᠵᠤ ᠭᠠᠷᠴᠤ ᠮᠡᠳᠡᠬᠦ ᠲᠠᠯᠠᠪᠤᠷ ᠭᠠᠵᠠᠷ ᠪᠠ ᠣᠷᠣᠨ ᠪᠦᠰᠡ ᠶᠢᠨ ᠷᠠᠳᠢᠣ᠋ ᠶᠢᠨ ᠳᠣᠬᠢᠶ᠎ᠠ ᠶᠢᠨ ᠬᠠᠯᠬᠠᠪᠴᠢ (5G ᠪᠠᠭᠲᠠᠨ᠎ᠠ) ᠶᠢ ᠪᠦᠭᠦᠨ ᠢ ᠪᠦᠲᠦᠮᠵᠢᠲᠡᠶ ᠬᠠᠮᠤᠷᠤᠭᠤᠯᠪᠠ᠃ᠢᠷᠡᠯᠲᠡ᠄ ᠲᠥᠪ ᠷᠠᠳᠢᠣ᠋   ᠶᠢᠨ ᠰᠦᠯᠵᠢᠶ᠎ᠡ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号