ᠣᠯᠠᠨ ᠤᠯᠤᠰ ᠤᠨ ᠰᠠᠶᠢᠨ ᠲᠤᠷᠠᠴᠤᠳ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ | ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠠᠴᠠ ᠲᠣᠰ ᠱᠠᠲᠤᠨ ᠤ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠭᠢ ᠶᠢ ᠵᠣᠬᠢᠶᠠᠨ | ᠪᠠᠶᠢᠭᠤᠯᠵᠤ᠂ ᠭᠦᠭᠡᠬᠤᠲᠠ ᠶᠢᠨ ᠢᠦᠶᠢᠴᠢᠤᠸᠠᠨ ᠲᠣᠭᠤᠷᠢᠭ ᠤᠨ ᠰᠢ ᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ | ︽ᠰᠠᠶᠢᠨ ᠲᠤᠷᠠᠴᠤᠳ ᠤᠨ ᠬᠦᠴᠦᠨ ᠴᠢᠳᠠᠯ ᠢ ᠡᠷᠭᠦᠵᠦ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠶ᠎ᠠ︾ ᠭᠡᠬᠦ | ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ | ᠲᠣᠰ ᠠᠵᠢᠯᠯᠠᠭ᠎ᠠ ᠨᠢ ᠠᠷᠠᠳ ᠣᠯᠠᠨ ᠤ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ 15 ᠬᠦᠴᠢᠷᠳᠡᠯ ᠲᠠᠢ ᠬᠠᠪᠰᠤᠷᠤᠨ | ᠲᠡᠳᠬᠦᠭᠳᠡᠬᠦ ᠡᠲᠡᠭᠡᠳ ᠲᠤ ᠭᠤᠯᠢᠷ᠂ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃ ᠡᠭᠦᠨ ᠤ ᠬᠠᠮᠲᠤ᠂ ᠰᠠᠶᠢᠨ | ᠳᠤᠷᠠᠴᠤᠳ ᠪᠠᠰᠠ ᠨᠡᠶᠢᠭᠡᠮ ᠲᠣᠭᠤᠷᠢᠭ ᠤᠨ ᠣᠯᠠᠨ ᠲᠦᠮᠡᠨ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾᠂︽ᠴᠡᠷᠢᠭ ᠤᠨ ᠠᠯᠪᠠ ᠠᠴᠠ | ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠦᠨᠡᠮᠯᠡᠯ ᠤᠨ ᠪᠠᠶᠢᠩᠭᠤ | ᠲᠣᠬᠢᠶᠠᠯᠳᠤᠳᠠᠭ ᠠᠰᠠᠭᠤᠳᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠴᠡᠷᠢᠭ ᠤᠨ ᠠᠯᠪᠠ ᠠᠴᠠ | ᠬᠠᠯᠠᠭᠳᠠᠭᠰᠠᠳ︾ ᠵᠡᠷᠭᠡ ᠲᠥᠷᠥ ᠶᠢᠨ ᠪᠣᠳᠣᠯᠭ᠎ᠠ ᠶᠢᠨ ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠪᠠ᠃ | ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 300 ᠭᠠᠷᠤᠢ | ᠬᠥᠮᠥᠨ ᠤ ᠲᠣᠰ ᠱᠠᠲᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠥᠷᠭᠡᠨ | ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠨ ᠰᠠᠶᠢᠨ ᠳᠤᠷᠠᠴᠤᠳ ᠢ ︽ᠴᠡᠷᠢᠭ ᠤᠨ ᠠᠯᠪᠠ ᠠᠴᠠ ᠬᠠᠯᠠᠭᠳᠠᠭᠰᠠᠨ | ᠴᠤ ᠣᠣᠷ ᠴᠢᠨᠠᠷ ᠬᠤᠪᠢᠷᠠᠬᠤ ᠦᠭᠡᠢ︾ ᠰᠠᠶᠢᠨ ᠰᠠᠶᠢᠬᠠᠨ ᠵᠠᠩ ᠰᠤᠷᠲᠠᠯ ᠢᠶᠠᠨ ᠪᠠᠳᠠᠷᠠᠭᠤᠯᠬᠤ ᠶᠢ ᠤᠷᠢᠶᠠᠯᠠᠵᠤ᠂ | ᠠᠶᠤᠯ ᠭᠠᠮᠰᠢᠭ ᠠᠴᠠ ᠠᠪᠤᠷᠠᠬᠤ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠪᠣᠯᠪᠠᠰᠤᠨ ᠢ ᠡᠭᠦᠳᠦᠨ ᠪᠠᠶᠢᠭᠤᠯᠬᠤ᠂ | ᠬᠤᠪᠢᠰᠬᠠᠯ ᠤᠨ ᠬᠥᠮᠦᠵᠢᠯ᠂ ︽ᠯᠧᠢ ᠹᠧᠩ ᠠᠴᠠ ᠰᠤᠷᠤᠯᠴᠠᠬᠤ︾ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ | ᠲᠠᠯ᠎ᠠ ᠪᠠᠷ ᠬᠦᠴᠦᠨ ᠴᠢᠳᠠᠯ ᠢᠶᠠᠨ ᠡᠷᠭᠦᠵᠦ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠪᠠᠶᠢᠭᠤᠯᠭ᠎ᠠ ᠶᠢᠨ ︽5·4 ᠤ ᠵᠠᠯᠠᠭᠤᠴᠤᠳ ᠤᠨ ᠱᠠᠩᠨᠠᠯ ᠤᠨ ᠬᠠᠮᠲᠤ ᠨᠢᠭᠡᠴᠡ︾ ᠪᠠᠷ ᠬᠥᠬᠢᠭᠦᠯᠦᠭᠳᠡᠪᠡ᠃ | | |