ᠲᠠᠷᠢᠶᠠᠴᠢᠨ ᠤ ᠡᠳᠦᠷ ᠤᠨ ᠰᠣᠨᠢᠨ ᠤ ᠬᠤᠷᠢᠶ᠎ᠠ ᠣᠶᠢᠷ᠎ᠠ ᠳᠤ ︽2024 ᠣᠨ ᠤ ᠳᠤᠮᠳᠠᠳᠤ ᠤᠯᠤᠰ ᠤᠨ | ᠲᠠᠷᠢᠶᠠᠴᠢᠨ ᠤ ᠬᠤᠷᠰᠢᠶ᠎ᠠ ᠶᠢᠨ 500 ᠬᠦᠴᠦᠷᠬᠡᠭ︾ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠥᠪᠥᠷ | ᠮᠣᠩᠭᠤᠯ ᠤᠨ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠼᠠᠩ ᠲᠢᠶᠠᠨ ᠮᠦ ᠭᠧ ᠳᠠᠷᠢᠵᠤ ᠲᠡᠵᠢᠭᠡᠬᠦ | ᠬᠤᠷᠰᠢᠶ᠎ᠠ ᠵᠡᠷᠭᠡ 15 ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶ᠎ᠠ ᠰᠣᠩᠭᠤᠭᠳᠠᠵᠠᠢ᠃ | ᠡᠨᠡ ᠵᠢᠯ ᠠᠴᠠ ᠨᠠᠭᠠᠰᠢ᠂ ᠮᠠᠨ ᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠭᠦ᠂ ᠴᠢᠳᠠᠪᠤᠷᠢ ᠶᠢ | ᠴᠢᠩᠭᠠᠳᠬᠠᠬᠤ᠂ ᠦᠷ᠎ᠡ ᠠᠰᠢᠭ ᠢ ᠨᠡᠮᠡᠭᠳᠡᠭᠦᠯᠬᠦ ᠪᠠᠷ ᠭᠤᠣᠯ ᠰᠢᠵᠢᠮ ᠪᠣᠯᠭᠠᠨ᠂︽ᠮᠢᠩᠭᠠᠨ ᠬᠥᠮᠥᠨ ᠢᠶᠠᠷ ᠲᠦᠮᠡᠨ | ᠬᠤᠷᠰᠢᠶ᠎ᠠ ᠶᠢ ᠳᠠᠶᠢᠴᠢᠯᠠᠭᠤᠯᠬᠤ︾ ᠠᠵᠢᠯᠯᠠᠭ᠎ᠠ ᠪᠠ ︽ᠲᠠᠷᠢᠭᠰᠠᠳ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ︾ | ᠶᠢ ᠯᠠᠪᠳᠠᠭᠤᠨ ᠪᠠᠲᠤᠲᠠᠢ ᠠᠬᠢᠭᠤᠯᠵᠤ᠂ ᠱᠠᠩᠨᠠᠵᠤ ᠨᠥᠬᠦᠪᠦᠷᠢ ᠣᠯᠭᠤᠬᠤ ᠠᠷᠭ᠎ᠠ ᠮᠠᠶ᠋ᠢᠭ ᠢᠶᠠᠷ 300 ᠭᠠᠷᠤᠢ | ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠦᠢᠯᠡᠳᠪᠦᠷᠢᠯᠡᠯ ᠤᠨ ᠨᠥᠬᠦᠴᠡᠯ ᠢᠶᠠᠨ ᠰᠠᠶᠢᠵᠢᠷᠠᠭᠤᠯᠬᠤ ᠶᠢ ᠳᠡᠮᠵᠢᠵᠦ᠂ | 40 ᠬᠤᠷᠰᠢᠶ᠎ᠠ ᠶᠢᠨ ᠣᠷᠣᠨ ᠪᠦᠰᠡ ᠶᠢᠨ ᠴᠢᠨᠠᠷᠲᠠᠢ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠠᠶᠢᠭᠤᠯᠬᠤ ᠶᠢ ᠳᠡᠮᠵᠢᠵᠦ᠂ | ᠬᠤᠷᠰᠢᠶ᠎ᠠ ᠶᠢᠨ ᠵᠢᠷᠤᠮᠵᠢᠬᠰᠠᠨ ᠬᠠᠮᠢᠶᠠᠷᠤᠯᠲᠠ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠂ ᠲᠦᠷᠦᠯ | ᠲᠡᠮᠳᠡᠭᠴᠢᠯᠡᠭᠰᠡᠨ ᠡᠵᠡᠩᠨᠡᠯᠲᠡ ᠶᠢ ᠠᠬᠢᠭᠤᠯᠪᠠ᠃ ᠪᠦᠭᠦ ᠣᠷᠣᠨ ᠤ ᠡᠯ᠎ᠡ ᠭᠠᠵᠠᠷ ᠲᠤ ᠨᠢᠭᠡ ᠪᠦᠯᠦᠭ | ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠲᠣᠪᠣᠶᠢᠮ᠎ᠠ᠂ ᠲᠤᠬᠠᠶᠢᠯᠠᠭᠰᠠᠨ ᠠᠵᠢᠯ ᠤᠨ ᠳᠠᠪᠠᠭᠤᠯᠢᠭ ᠢᠶᠠᠷ ᠢᠯᠡᠷᠬᠡᠢ᠂ | ᠵᠢᠱᠢᠶ᠎ᠡ ᠦᠵᠡᠭᠦᠯᠦᠨ ᠳᠠᠶᠢᠴᠢᠯᠠᠬᠤ ᠴᠢᠳᠠᠪᠤᠷᠢ ᠪᠠᠷ ᠨᠡᠯᠢᠶᠡᠳ ᠴᠢᠩᠭ᠎ᠠ᠂ ᠬᠠᠤᠯᠢ ᠶᠢ ᠰᠠᠬᠢᠵᠤ ᠲᠣᠭᠲᠠᠭᠠᠯ ᠳᠤ | ᠨᠡᠶᠢᠴᠡᠭᠰᠡᠨ ᠡᠵᠡᠩᠨᠡᠯᠲᠡ ᠶᠢᠨ ᠬᠤᠷᠰᠢᠶ᠎ᠠ ᠴᠣᠯᠭᠤᠷᠠᠨ ᠭᠠᠷᠪᠠ᠃ | ᠣᠳᠣᠬᠠᠨ ᠳᠤ ᠮᠠᠯᠴᠢᠨ ᠲᠠᠷᠢᠶᠠᠴᠢᠳ ᠤᠨ ᠬᠤᠷᠰᠢᠶ᠎ᠠ ᠨᠢ ᠨᠢᠭᠡᠨᠲᠡ ᠪᠠᠭ᠎ᠠ ᠮᠠᠯᠵᠢᠬᠤ ᠡᠷᠦᠭᠡ ᠪᠠ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠴᠢᠬᠤᠯᠠ ᠵᠣᠬᠢᠶᠠᠨ | ᠪᠠᠶᠢᠭᠤᠯᠤᠯᠲᠠ ᠶᠢᠨ ᠠᠴᠢᠶᠠᠯᠠᠪᠤᠷᠢ ᠪᠣᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠮᠠᠨ ᠤ | ᠣᠷᠣᠨ ᠬᠤᠷᠰᠢᠶ᠎ᠠ ᠶᠢᠨ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠳᠤ ᠴᠢᠭᠯᠡᠭᠦᠯᠦᠨ᠂ ᠣᠯᠠᠨ ᠳᠡᠰ | ᠳᠠᠪᠬᠤᠷᠭ᠎ᠠ᠂ ᠪᠦᠭᠦ ᠬᠦᠷᠢᠶ᠎ᠡ ᠬᠡᠪᠴᠢᠶᠡᠨ ᠤ᠂ ᠥᠷᠭᠡᠨ ᠪᠦᠷᠬᠦᠴᠡ ᠲᠠᠢ ᠬᠥᠲᠥᠯᠥᠨ ᠵᠢᠯᠤᠭᠤᠳᠬᠤ ᠦᠢᠯᠡᠴᠢᠯᠡᠭᠡ ᠶᠢ | ᠥᠷᠨᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ | ᠪᠣᠯᠪᠠᠰᠤᠷᠠᠯ ᠪᠠ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ | ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠡᠷᠭᠢᠯᠡᠵᠦ᠂ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠷᠰᠢᠶ᠎ᠠ ᠶᠢᠨ ᠥᠪᠡᠷ ᠢ ᠪᠠᠨ ᠬᠥᠭᠵᠢᠭᠦᠯᠬᠦ ᠴᠢᠳᠠᠪᠤᠷᠢ᠂ ᠵᠠᠬ᠎ᠠ | ᠳᠡᠯᠭᠡᠭᠦᠷ ᠢ ᠨᠡᠭᠡᠭᠡᠨ ᠥᠷᠭᠡᠳᠬᠡᠬᠦ ᠴᠢᠳᠠᠪᠤᠷᠢ ᠪᠠ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶ᠎ᠠ ᠶᠢᠨ ᠡᠵᠡᠩᠨᠡᠯᠲᠡ ᠶᠢᠨ ᠶᠠᠰᠤ ᠴᠢᠨᠠᠷ᠂ ᠪᠦᠲᠦᠭᠡᠭᠳᠡᠬᠦᠨ ᠤ ᠶᠠᠰᠤ | ᠴᠢᠨᠠᠷ ᠪᠠ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ | ᠣᠷᠣᠨ ᠤ ᠲᠢᠩᠬᠢᠮ ᠪᠠᠰᠠ ᠦᠷᠭᠦᠯᠵᠢᠯᠡᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ | ᠪᠣᠶᠢᠵᠢᠭᠤᠯᠬᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ᠂ ᠠᠵᠤ ᠦᠢᠯᠡᠰ ᠤᠨ ᠳᠠᠭᠠᠭᠤᠯᠤᠭᠴᠢ ᠶᠢᠨ | ᠪᠣᠯᠪᠠᠰᠤᠷᠠᠯ ᠵᠡᠷᠭᠡ ᠲᠠᠯ᠎ᠠ ᠪᠠᠷ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶ᠎ᠠ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠨᠠᠩ ᠣᠯᠠᠨ ᠬᠤᠷᠰᠢᠶ᠎ᠠ ᠶᠢᠨ ᠵᠣᠬᠢᠬᠤ ᠬᠡᠮᠵᠢᠶᠡᠨ ᠤ ᠬᠡᠪᠴᠢᠶᠡᠲᠦ ᠡᠵᠡᠩᠨᠡᠯᠲᠡ ᠶᠢ | ᠬᠥᠭᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ | ᠥᠷᠭᠡᠳᠬᠡᠨ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶ᠎ᠠ ᠶᠢᠨ ᠪᠠᠭ᠎ᠠ ᠮᠠᠯᠴᠢᠨ ᠡᠷᠦᠭᠡ ᠲᠠᠢ ᠬᠤᠯᠪᠣᠯᠳᠤᠨ᠂ | ᠲᠣᠮᠣ ᠵᠠᠬ᠎ᠠ ᠳᠡᠯᠭᠡᠭᠦᠷ ᠲᠠᠢ ᠵᠣᠯᠭᠠᠭᠤᠯᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ | ᠪᠣᠯᠣᠨ᠎ᠠ᠃ | ᠲᠤᠰ ᠬᠤᠯᠪᠣᠭᠠᠰᠤ ᠶᠢ ᠲᠣᠪᠴᠢᠳᠠᠵᠤ ︽2024 ᠣᠨ ᠤ ᠳᠤᠮᠳᠠᠳᠤ ᠤᠯᠤᠰ ᠤᠨ ᠲᠠᠷᠢᠶᠠᠴᠢᠨ ᠤ | ᠬᠤᠷᠰᠢᠶ᠎ᠠ ᠶᠢᠨ 500 ᠬᠦᠴᠦᠷᠬᠡᠭ︾ ᠤᠨ ᠨᠡᠷᠡᠰ ᠤᠨ ᠵᠢᠭᠰᠠᠭᠠᠯᠲᠠ ᠶᠢ ᠦᠵᠡᠭᠡᠷᠡᠢ︕ | | |