︵ᠰᠤᠷᠪᠤᠯᠵᠢᠯᠠᠭᠴᠢ ᠯᠢᠦᠢ ᠬᠤᠢ ᠱᠧᠩ︶ 12 ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ | ᠵᠠᠰᠠᠭ ᠤᠨ ᠣᠷᠳᠣᠨ᠂ ᠪᠤᠭᠤᠲᠤ ᠬᠤᠲᠠ ᠶᠢᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ 2024 | ᠣᠨ ᠤ ᠬᠥᠬᠡᠬᠤᠲᠠ ᠪᠤᠭᠤᠲᠤ ᠶᠢᠨ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠪᠠ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠪᠣᠯ | ᠬᠥᠬᠡᠬᠤᠲᠠ ᠶᠢᠨ ︽ᠭᠤᠷᠪᠠᠨ ᠵᠢᠯ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ | ᠠᠵᠢᠯᠯᠠᠭ᠎ᠠ︾ ᠶᠢᠨ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠃ | ᠣᠶᠤᠲᠠᠳ ᠤᠨ ᠨᠠᠩ ᠭᠦᠢᠴᠡᠳ᠂ ᠨᠠᠩ ᠴᠢᠨᠠᠷ ᠰᠠᠶᠢᠲᠠᠢ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠤᠯᠠᠮ ᠨᠢᠭᠡ ᠠᠯᠬᠤᠮ ᠠᠬᠢᠭᠤᠯᠵᠤ᠂ ᠬᠥᠬᠡᠬᠤᠲᠠ ᠶᠢᠨ ︽ᠠᠷᠪᠠᠨ ᠲᠦᠮᠡᠨ ᠣᠶᠤᠲᠠᠳ ᠢ ᠬᠥᠬᠡᠬᠤᠲᠠ ᠳᠤ | ᠦᠯᠡᠳᠡᠭᠡᠬᠦ ᠢᠨᠵᠧᠨᠧᠷᠢᠩ︾ ᠪᠠ ︽ᠭᠤᠷᠪᠠᠨ ᠵᠢᠯ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ | ᠦᠯᠡᠳᠡᠭᠡᠬᠦ ᠠᠵᠢᠯᠯᠠᠭ᠎ᠠ︾ ᠶᠢ ᠠᠬᠢᠭᠤᠯᠬᠤ ᠳᠤ ᠬᠦᠴᠦᠨ ᠨᠡᠮᠡᠷᠢᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠪᠠ ᠬᠥᠮᠥᠨ ᠬᠡᠷᠡᠭᠯᠡᠬᠦ ᠨᠢᠭᠡᠴᠢ ᠳᠤ ᠥᠨᠳᠥᠷ ᠪᠦᠲᠦᠮᠵᠢᠲᠡᠶ ᠰᠣᠯᠢᠯᠴᠠᠭᠠᠨ ᠤ ᠲᠠᠪᠴᠠᠩ ᠬᠠᠩᠭᠠᠬᠤ ᠶᠢᠨ ᠲᠥᠯᠥᠭᠡ᠂ | ᠲᠤᠰᠬᠠᠶᠢᠯᠠᠨ ᠬᠥᠬᠡᠬᠤᠲᠠ ᠶᠢᠨ ᠴᠢᠳᠠᠪᠤᠷᠢᠲᠠᠨ ᠢ ᠦᠯᠡᠳᠡᠭᠡᠬᠦ ︽ᠭᠤᠣᠯᠲᠤ ᠪᠣᠷᠣ ᠶᠢ ᠬᠥᠬᠡᠬᠤᠲᠠ ᠳᠤ | ᠦᠨᠳᠦᠰᠦᠯᠡᠭᠦᠯᠵᠦ ᠭᠤᠷᠪᠠᠨ ᠵᠢᠯ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ | ᠠᠵᠢᠯᠯᠠᠭ᠎ᠠ︾ ᠶᠢᠨ ᠲᠤᠰᠬᠠᠢ ᠲᠣᠭᠤᠷᠢᠭ ᠢ ᠪᠠᠶᠢᠭᠤᠯᠤᠨ ᠲᠥᠪᠯᠡᠷᠡᠭᠦᠯᠦᠨ ᠦᠵᠡᠭᠦᠯᠵᠦ᠂ ᠠᠵᠢᠯ ᠣᠯᠵᠤ ᠠᠳᠠᠯ | ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠵᠢᠯ ᠤᠨ ᠦᠷ᠎ᠡ ᠪᠦᠲᠦᠮᠵᠢ ᠶᠢ | ᠳᠡᠯᠭᠡᠨ ᠦᠵᠡᠭᠦᠯᠬᠦ ᠵᠡᠷᠭᠡ ᠪᠠᠷ ᠳᠠᠮᠵᠢᠭᠤᠯᠤᠨ ᠨᠠᠩ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ | ᠬᠥᠬᠡᠬᠤᠲᠠ ᠦᠯᠡᠳᠡᠬᠦ ᠪᠠᠷ ᠲᠠᠲᠠᠪᠠ᠃ | ᠲᠣᠰ ᠤᠳᠠᠭᠠᠨ ᠤ ᠲᠤᠰᠬᠠᠢ ᠠᠵᠢᠯᠲᠠᠨ ᠡᠯᠰᠡᠬᠦ ᠴᠤᠭᠯᠠᠭᠠᠨ ᠢ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠪᠠ᠃ ᠬᠥᠬᠡᠬᠤᠲᠠ᠂ ᠪᠤᠭᠤᠲᠤ ᠬᠤᠶᠠᠷ ᠭᠠᠵᠠᠷ ᠤᠨ 100 | ᠭᠠᠷᠤᠢ ᠠᠵᠤ ᠠᠬᠤᠶᠢᠯᠠᠯ 2068 ᠰᠢᠯᠢᠳᠡᠭ ᠠᠵᠢᠯ ᠤᠨ ᠪᠠᠶᠢᠷᠢ ᠬᠠᠩᠭᠠᠵᠤ᠂ ᠲᠤᠬᠠᠢ ᠶᠢᠨ ᠲᠠᠯᠠᠪᠤᠷ ᠪᠠ ᠰᠢᠭᠤᠳ | ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠤ ᠲᠣᠬᠢᠷᠠᠭᠰᠠᠨ ᠬᠥᠮᠥᠨ ᠤ ᠲᠤᠭ᠎ᠠ 970 ᠬᠥᠮᠥᠨ ᠤᠳᠠᠭ᠎ᠠ ᠳᠤ ᠬᠦᠷᠴᠦ᠂ | ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ ᠶᠢ ᠦᠵᠡᠭᠰᠡᠨ ᠬᠥᠮᠥᠨ ᠤ ᠲᠤᠭ᠎ᠠ 19731 | ᠬᠥᠮᠥᠨ ᠤᠳᠠᠭ᠎ᠠ ᠳᠤ ᠬᠦᠷᠪᠡ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠰᠦᠯᠵᠢᠶᠡᠨ ᠭᠠᠳᠠᠨ᠎ᠠ ᠪᠠᠰᠠ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ | ᠲᠠᠶᠢᠯᠤᠮᠵᠢ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ | ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠰᠬᠠᠢ ᠲᠣᠭᠤᠷᠢᠭ ᠢ ᠲᠣᠬᠢᠷᠠᠭᠤᠯᠵᠤ᠂ ᠠᠵᠢᠯ ᠡᠷᠢᠭᠰᠡᠳ ᠲᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠮᠡᠷᠭᠡᠵᠢᠯ ᠤᠨ ᠲᠥᠯᠦᠪᠵᠢᠭᠦᠯᠭᠡ᠂ | ᠠᠵᠢᠯ ᠡᠷᠢᠬᠦ ᠤᠷ᠎ᠠ ᠮᠡᠷᠭᠡᠵᠢᠯ ᠤᠨ ᠵᠢᠯᠣᠭᠤᠳᠤᠯᠭ᠎ᠠ᠂ ᠠᠵᠢᠯ ᠮᠡᠷᠭᠡᠵᠢᠯ ᠤᠨ ᠰᠢᠯᠭᠠᠨ ᠲᠣᠭᠲᠠᠭᠠᠯᠲᠠ᠂ ᠬᠠᠤᠯᠢ | ᠴᠠᠭᠠᠵᠠ ᠶᠢᠨ ᠲᠤᠰᠠᠯᠠᠮᠵᠢ ᠵᠡᠷᠭᠡ ᠦᠢᠯᠡᠴᠢᠯᠡᠭᠡ ᠬᠠᠩᠭᠠᠪᠠ᠃ ᠰᠦᠯᠵᠢᠶᠡᠨ ᠳᠡᠭᠡᠷᠡᠬᠢ ᠪᠥᠬᠦ ᠶᠠᠪᠤᠴᠠ ᠶᠢ | ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠸᠢᠳᠢᠤ᠋ ᠳ᠋ᠤᠭᠠᠷ ᠢᠶᠠᠷ | ︽ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠭᠡᠳ ᠮᠠᠳᠠᠭ ᠳᠠᠶᠢᠯᠠᠬᠤ︾ ᠪᠠᠷ ᠳᠠᠮᠵᠢᠭᠤᠯᠤᠨ᠂ ᠠᠵᠢᠯ ᠡᠷᠢᠭᠰᠡᠳ ᠪᠠ | ᠠᠵᠤ ᠠᠬᠤᠶᠢᠯᠠᠯ ᠳᠤ ᠨᠡᠪᠲᠡᠷᠡᠯᠴᠡᠬᠦ ᠬᠥᠭᠦᠷᠭᠡ ᠪᠠᠶᠢᠭᠤᠯᠤᠨ ᠥᠭᠴᠦ᠂ ᠬᠥᠮᠥᠨ ᠬᠡᠷᠡᠭᠯᠡᠬᠦ ᠨᠢᠭᠡᠴᠢ ᠪᠠ ᠠᠵᠢᠯ | ᠡᠷᠢᠭᠰᠡᠳ ᠲᠤ ᠣᠨᠣᠪᠴᠢᠲᠠᠶ ᠪᠠᠷ ᠵᠣᠯᠭᠠᠭᠤᠯᠬᠤ ᠦᠢᠯᠡᠴᠢᠯᠡᠭᠡ ᠬᠠᠩᠭᠠᠵᠤ᠂ ᠲᠣᠭᠤᠷᠢᠨ ᠦᠵᠡᠭᠰᠡᠨ ᠬᠥᠮᠥᠨ ᠤ | ᠲᠤᠭ᠎ᠠ 9.6 ᠲᠦᠮᠡᠨ ᠬᠥᠮᠥᠨ ᠤᠳᠠᠭ᠎ᠠ ᠳᠤ ᠬᠦᠷᠴᠡᠢ᠃ | |