ᠣᠷᠣᠨ ᠤ ᠲᠥᠪ ᠤᠨ ᠡᠳ᠋ ᠤᠨ ᠵᠠᠰᠠᠭ ᠠᠴᠠ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠲᠤᠰᠠᠯᠠᠬᠤ ᠨᠥᠬᠦᠪᠦᠷᠢ ᠪᠡᠯᠡ ᠮᠥᠩᠭᠦ ᠶᠢ 147.50 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/12/24
     ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠸᠠᠩ ᠰᠢᠦ ᠵᠢᠤᠸᠠᠨ︶ ︽ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤ ᠦᠶ᠎ᠡ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠡᠳ᠋ ᠤᠨ ᠵᠠᠰᠠᠭ ᠤᠨ ᠶᠠᠮᠤᠨ  ᠰᠤᠷᠭᠠᠨ ᠬᠥᠮᠦᠵᠢᠯ ᠤᠨ ᠶᠠᠮᠤᠨ  ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠮᠡᠳᠡᠭᠳᠡᠯ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ︽ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠲᠡᠳᠬᠦᠨ ᠲᠤᠰᠠᠯᠠᠬᠤ ᠨᠥᠬᠦᠪᠦᠷᠢ ᠶᠢᠨ ᠵᠠᠷᠤᠳᠠᠯ ᠤᠨ ᠲᠥᠰᠥᠪ ᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠲᠡᠳᠬᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ 147.50 ᠲᠦᠮᠡᠨ ᠲᠥᠭᠦᠷᠢᠭ ᠪᠠᠭᠤᠯᠭᠠᠪᠠ᠃           2024 ᠣᠨ ᠳᠤ᠂ ᠪᠦᠬᠦ ᠬᠤᠳᠠ ᠪᠠᠷ ᠢᠶᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ ᠲᠤᠭ᠎ᠠ ᠶᠢ ᠨᠡᠮᠡᠭᠳᠡᠭᠦᠯᠵᠦ᠂ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠨᠢᠭᠡ ᠳᠤ᠂ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ᠶᠢᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠱᠠᠩᠨᠠᠯ ᠤᠨ ᠲᠤᠭ᠎ᠠ ᠶᠢ ᠳᠠᠬᠢᠨ ᠢᠶᠠᠷ ᠨᠡᠮᠡᠭᠳᠡᠭᠦᠯᠵᠦ᠂ ᠱᠠᠩᠨᠠᠬᠤ ᠪᠠᠷᠢᠮᠵᠢᠶ᠎ᠠ ᠶᠢ ᠰᠤᠷᠤᠭᠴᠢ ᠨᠢᠭᠡᠪᠦᠷᠢ ᠵᠢᠯ ᠪᠦᠷᠢ 8000 ᠲᠥᠭᠦᠷᠢᠭ ᠪᠠᠶᠢᠭᠰᠠᠨ ᠠᠴᠠ ᠨᠢ 10000 ᠲᠥᠭᠦᠷᠢᠭ ᠪᠣᠯᠭᠠᠨ ᠳᠡᠭᠡᠭᠰᠢᠯᠡᠭᠦᠯᠪᠡ᠃ ᠬᠤᠶᠠᠷ ᠲᠤ᠂ ᠠᠰᠫᠢᠷᠠᠨᠲ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠱᠠᠩᠨᠠᠯ ᠤᠨ ᠣᠷᠣᠨ ᠲᠤᠭ᠎ᠠ ᠶᠢ ᠳᠠᠬᠢᠨ ᠢᠶᠠᠷ ᠨᠡᠮᠡᠭᠳᠡᠭᠦᠯᠵᠦ᠂ ᠤᠤᠯ ᠤᠨ ᠱᠠᠩᠨᠠᠯ ᠤᠨ ᠪᠠᠷᠢᠮᠵᠢᠶ᠎ᠠ ᠶᠢ ᠬᠤᠪᠢᠷᠠᠭᠤᠯᠬᠤ ᠦᠭᠡᠢ᠃ ᠭᠤᠷᠪᠠ ᠳᠤ᠂ ᠵᠢᠩᠬᠢᠨᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ᠶᠢ ᠤᠯᠤᠰ ᠠᠴᠠ ᠵᠣᠷᠢᠭᠵᠢᠭᠤᠯᠬᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠱᠠᠩᠨᠠᠯ ᠤᠨ ᠪᠠᠷᠢᠮᠵᠢᠶ᠎ᠠ ᠶᠢ ᠰᠤᠷᠤᠭᠴᠢ ᠨᠢᠭᠡᠪᠦᠷᠢ ᠶᠢᠨ ᠵᠢᠯ ᠪᠦᠷᠢ ᠶᠢᠨ 5000 ᠲᠥᠭᠦᠷᠢᠭ ᠪᠠᠶᠢᠭᠰᠠᠨ ᠠᠴᠠ ᠨᠢ 6000 ᠲᠥᠭᠦᠷᠢᠭ ᠪᠣᠯᠭᠠᠨ ᠳᠡᠭᠡᠭᠰᠢᠯᠡᠭᠦᠯᠵᠦ᠂ ᠤᠤᠯ ᠤᠨ ᠲᠤᠰᠠᠯᠠᠮᠵᠢ ᠶᠢᠨ ᠬᠡᠪᠴᠢᠶ᠎ᠡ ᠶᠢ ᠨᠢ ᠬᠤᠪᠢᠷᠠᠭᠤᠯᠬᠤ ᠦᠭᠡᠢ᠃ ᠳᠥᠷᠪᠡ ᠳᠤ᠂ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ︵ᠪᠡᠯᠡᠳᠬᠡᠯ ᠠᠩᠭᠢ ᠶᠢᠨ ᠰᠣᠷᠣᠭᠴᠢ ᠪᠠ ᠴᠡᠷᠢᠭ ᠠᠴᠠ ᠬᠠᠯᠠᠭᠳᠠᠭᠰᠠᠨ ᠰᠤᠷᠤᠭᠴᠢ ᠶᠢ ᠪᠠᠭᠲᠠᠭᠠᠨ᠎ᠠ︶ ᠶᠢᠨ ᠳᠤᠮᠳᠠᠴᠢ ᠲᠤᠰᠠᠯᠠᠬᠤ ᠪᠠᠷᠢᠮᠵᠢᠶ᠎ᠠ ᠶᠢ ᠰᠣᠷᠣᠭᠴᠢ ᠨᠢᠭᠡᠪᠦᠷᠢ ᠳᠤ ᠵᠢᠯ ᠪᠦᠷᠢ 3300 ᠲᠥᠭᠦᠷᠢᠭ ᠪᠠᠶᠢᠭᠰᠠᠨ ᠠᠴᠠ 3700 ᠲᠥᠭᠦᠷᠢᠭ ᠪᠣᠯᠭᠠᠨ ᠳᠡᠭᠡᠭᠰᠢᠯᠡᠭᠦᠯᠵᠦ᠂ ᠤᠤᠯ ᠤᠨ ᠲᠤᠰᠠᠯᠠᠮᠵᠢ ᠶᠢᠨ ᠬᠡᠪᠴᠢᠶ᠎ᠡ ᠶᠢ ᠨᠢ ᠬᠤᠪᠢᠷᠠᠭᠤᠯᠬᠤ ᠦᠭᠡᠢ᠃           ᠣᠳᠣᠬᠠᠨ ᠪᠣᠯᠲᠠᠯ᠎ᠠ᠂ 2024 ᠣᠨ ᠳᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ ᠲᠤᠰᠠᠯᠠᠬᠤ ᠨᠥᠬᠦᠪᠦᠷᠢ ᠶᠢᠨ ᠵᠠᠷᠤᠳᠠᠯ 3026.60 ᠲᠦᠮᠡᠨ ᠲᠥᠭᠦᠷᠢᠭ ᠢ ᠨᠢᠭᠡᠨᠲᠡ ᠪᠦᠬᠦᠨ ᠢ ᠪᠠᠭᠤᠯᠭᠠᠵᠤ ᠳᠠᠭᠤᠰᠬᠠᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠯ᠎ᠡ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ 2024 ᠣᠨ ᠤ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ᠂ ᠠᠰᠫᠢᠷᠠᠨᠲ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ ᠲᠤᠭ᠎ᠠ ᠶᠢ ᠨᠡᠮᠡᠵᠦ ᠨᠥᠬᠦᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢᠨ ᠲᠣᠭᠲᠠᠭᠠᠯ ᠶᠣᠰᠣᠭᠠᠷ᠂ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠤᠤᠯ ᠤᠨ ᠱᠠᠩᠨᠠᠯ ᠤᠨ ᠣᠷᠣᠨ ᠲᠤᠭ᠎ᠠ ᠪᠠ ᠲᠣᠰ ᠤᠳᠠᠭᠠᠨ ᠤ ᠰᠢᠨ᠎ᠡ ᠪᠠᠷ ᠨᠡᠮᠡᠭᠳᠡᠭᠰᠡᠨ ᠱᠠᠩᠨᠠᠯ ᠤᠨ ᠣᠷᠣᠨ ᠲᠤᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠪᠤᠰᠤᠳ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ ᠲᠤᠭ᠎ᠠ ᠶᠢ ᠬᠤᠪᠢᠶᠠᠷᠢᠯᠠᠬᠤ᠂ ᠬᠢᠨᠠᠨ ᠲᠣᠭᠲᠠᠭᠠᠬᠤ ᠪᠠ ᠣᠯᠭᠤᠬᠤ ᠠᠵᠢᠯ ᠢ ᠨᠢᠭᠡᠳᠦᠯᠲᠡᠢ ᠲᠥᠯᠥᠪᠯᠡᠨ᠂ ᠡᠯ᠎ᠡ ᠲᠥᠷᠥᠯ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号