︽ᠬᠤᠪᠢ ᠨᠡᠮᠡᠷᠢ ᠦᠵᠡᠭᠦᠯᠬᠦ᠂ ᠡᠶ᠎ᠡ ᠨᠠᠶᠢᠷᠰᠠᠭ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ | ᠳᠤᠷ᠎ᠠ ᠶᠢᠨ ᠠᠵᠢᠯᠯᠠᠭᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠰᠠᠭᠤᠭᠠᠯᠢ ᠠᠷᠠᠳ ᠤᠨ | ᠲᠣᠭᠤᠷᠢᠭ ᠤᠨ ᠰᠠᠭᠤᠭᠠᠯᠢ ᠠᠷᠠᠳ ᠲᠤ ᠨᠠᠩ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠨ ᠰᠠᠭᠤᠴᠠ ᠶᠢᠨ | ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠶᠢᠨ ᠲᠦᠯᠦᠭᠡ᠂ ᠣᠶᠢᠷ᠎ᠠ ᠳᠤ᠂ ᠬᠤᠲᠣᠩ ᠠᠷᠠᠳ ᠤᠨ | ᠲᠣᠭᠤᠷᠢᠭ ᠤᠨ ᠬᠠᠶᠢᠯᠠᠷ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠮᠣᠷᠢᠨ ᠤᠷᠤᠯᠳᠤᠭᠠᠨ ᠤ ᠲᠠᠯᠠᠪᠠᠢ ᠶᠢᠨ | ᠬᠤᠶᠢᠲᠤ ᠵᠠᠮ ᠤᠨ ᠨᠡᠶᠢᠭᠡᠮ ᠲᠣᠭᠤᠷᠢᠭ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ | ᠰᠤᠷᠭᠠᠭᠤᠯᠢ ᠲᠠᠢ ᠬᠠᠮᠲᠤᠷᠠᠨ ᠣᠶᠤᠲᠠᠳ ᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠵᠠᠯᠠᠭᠤᠴᠤᠳ ᠬᠤᠭ ᠨᠣᠪᠰᠢ ᠶᠢᠨ ᠬᠠᠪᠴᠢᠭᠤᠷ ᠪᠠᠷᠢᠵᠤ᠂ | ᠠᠵᠢᠯ ᠤᠨ ᠬᠤᠪᠢᠶᠠᠷᠢᠯᠠᠯ ᠲᠣᠳᠣᠷᠬᠠᠢ᠂ ᠬᠠᠮᠲᠤᠷᠠᠯᠴᠠᠭ᠎ᠠ ᠬᠢᠵᠦ ᠪᠠᠶᠢᠪᠠ᠃ ᠵᠠᠷᠢᠮ ᠨᠢ ᠨᠣᠭᠤᠭᠠᠷᠠᠭᠤᠯᠤᠯᠲᠠ ᠶᠢᠨ | ᠪᠦᠰᠡ ᠳᠠᠬᠢ ᠬᠠᠶᠠᠭᠳᠠᠮᠠᠯ ᠪᠣᠳᠠᠰ ᠢ ᠲᠡᠭᠦᠵᠦ᠂ ᠵᠠᠷᠢᠮ ᠨᠢ ᠵᠠᠮ ᠳᠡᠭᠡᠷᠡᠬᠢ ᠵᠤᠯᠭᠠᠷᠠᠭᠰᠠᠨ ᠨᠠᠪᠴᠢ ᠪᠣᠯᠣᠨ ᠬᠤᠭ | ᠨᠣᠪᠰᠢ ᠶᠢ ᠴᠡᠪᠡᠷᠯᠡᠵᠦ᠂ ᠲᠡᠳᠡᠨ ᠤ ᠪᠠᠷ᠎ᠠ ᠰᠡᠭᠦᠳᠡᠷ ᠨᠢ ᠨᠡᠶᠢᠭᠡᠮ ᠲᠣᠭᠤᠷᠢᠭ ᠤᠨ ᠠᠰᠠᠷ ᠤᠨ ᠬᠤᠭᠤᠷᠣᠨᠳᠤ | ᠰᠦᠯᠵᠢᠯᠳᠦᠵᠦ᠂ ᠨᠡᠶᠢᠭᠡᠮ ᠲᠣᠭᠤᠷᠢᠭ ᠤᠨ ᠳᠣᠲᠣᠷᠠᠬᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠵᠢᠷᠤᠭᠯᠠᠯ | ᠪᠣᠯᠣᠭᠰᠠᠨ ᠪᠠᠶᠢᠨ᠎ᠠ᠃ ᠴᠠᠭ ᠬᠤᠭᠤᠴᠠᠭᠠᠨ ᠤ ᠥᠩᠭᠡᠷᠡᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠲᠣᠭᠤᠷᠢᠭ ᠤᠨ | ᠳᠦᠷᠰᠦ ᠪᠠᠶᠢᠳᠠᠯ ᠴᠣ ᠰᠢᠨ᠎ᠡ ᠪᠣᠯᠵᠤ᠂ ᠵᠠᠮ ᠴᠡᠪᠡᠷ ᠴᠡᠮᠴᠡᠭᠡᠷ ᠪᠣᠯᠵᠤ᠂ ᠵᠠᠮ ᠥᠩᠭᠡᠷᠡᠬᠦ ᠰᠠᠭᠤᠭᠠᠯᠢ ᠠᠷᠠᠳ | ᠬᠤᠶᠢᠨ᠎ᠠ ᠬᠤᠶᠢᠨ᠎ᠠ ᠠᠴᠠ ᠪᠠᠨ ᠮᠠᠭᠲᠠᠨ ᠰᠠᠶᠢᠰᠢᠶᠠᠵᠤ ᠪᠠᠶᠢᠭᠰᠠᠨ ᠪᠣᠯᠬᠤᠷ ᠵᠠᠯᠠᠭᠤ ᠰᠠᠶᠢᠨ ᠳᠤᠷ᠎ᠠ ᠶᠢᠨ | ᠦᠢᠯᠡᠴᠢᠯᠡᠭᠴᠢ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠰᠠᠶᠢᠵᠢᠷᠠᠯᠲᠠ ᠳᠤ | ᠥᠪᠡᠷ ᠤᠨ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠳᠤ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠦᠢᠯᠡᠳᠦᠯᠭᠡ ᠶᠢᠨ ᠳᠤᠮᠳᠠ | ᠬᠠᠷᠢᠭᠤᠴᠠᠯᠭ᠎ᠠ ᠪᠠ ᠡᠭᠦᠷᠭᠡᠯᠡᠯ ᠢᠶᠠᠨ ᠢᠯᠡᠷᠡᠭᠦᠯᠵᠦ᠂ ᠪᠤᠰᠤᠳ ᠲᠤ ᠦᠢᠯᠡᠴᠢᠯᠡᠬᠦ᠂ ᠨᠡᠶᠢᠭᠡᠮ ᠳᠤ ᠬᠤᠪᠢ ᠨᠡᠮᠡᠷᠢ | ᠦᠵᠡᠭᠦᠯᠬᠦ ᠪᠠᠶᠠᠷ ᠪᠠᠶᠠᠰᠤᠯ ᠢ ᠣᠶᠢᠯᠠᠭᠠᠪᠠ᠃ ᠢᠷᠡᠭᠡᠳᠦᠢ ᠳᠤ ᠨᠠᠩ ᠣᠯᠠᠨ ᠵᠠᠯᠠᠭᠤ ᠰᠠᠶᠢᠨ ᠳᠤᠷ᠎ᠠ ᠶᠢᠨ | ᠦᠢᠯᠡᠴᠢᠯᠡᠭᠴᠢ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠡᠩᠨᠡᠭᠡ ᠳᠤ ᠣᠷᠣᠯᠴᠠᠵᠤ᠂ ᠵᠠᠯᠠᠭᠤ ᠨᠠᠰᠤᠨ ᠤ | ᠬᠤᠪᠢ ᠨᠡᠮᠡᠷᠢ ᠦᠵᠡᠭᠦᠯᠬᠦ ᠳᠤᠮᠳᠠ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠢᠲᠡᠭᠡᠵᠦ ᠪᠠᠶᠢᠨ᠎ᠠ᠃ |