ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠨᠳᠤᠯᠭᠠᠲᠤ ᠰᠣᠩᠭᠤᠨ ᠲᠣᠬᠢᠷᠠᠭᠤᠯᠬᠤ ᠰᠤᠷᠤᠬᠴᠢ ᠳᠤ ᠠᠵᠤ ᠠᠬᠤᠢ ᠶᠢᠨ ᠨᠥᠬᠦᠪᠦᠷᠢ ᠪᠡᠯᠡ ᠮᠥᠩᠭᠦ 314 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/12/26
    ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠶᠢᠨ ᠢ ᠾᠦᠢ︶ ᠣᠶᠢᠷ᠎ᠠ ᠶᠢᠨ ᠡᠳᠦᠷ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ  ᠬᠠᠨᠳᠤᠯᠭᠠᠲᠤ ᠰᠣᠩᠭᠤᠨ ᠲᠣᠬᠢᠷᠠᠭᠤᠯᠬᠤ ᠰᠤᠷᠤᠬᠴᠢ ᠳᠤ ᠠᠵᠤ ᠠᠬᠤᠢ ᠶᠢᠨ ᠨᠥᠬᠦᠪᠦᠷᠢ ᠪᠡᠯᠡ  ᠮᠥᠩᠭᠦ  314  ᠲᠦᠮᠡᠨ ᠲᠥᠭᠦᠷᠢᠭ ᠪᠠᠭᠤᠯᠭᠠᠪᠠ᠃           ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠠᠶᠢᠮᠠᠭ ᠬᠤᠲᠠ ᠶᠢᠨ ᠪᠠᠶᠢᠭᠤᠯᠤᠯᠭ᠎ᠠ ᠨᠢᠭᠡᠴᠢ ᠶᠢᠨ ᠬᠠᠨᠳᠤᠯᠭᠠᠲᠤ ᠰᠣᠩᠭᠤᠨ ᠲᠣᠬᠢᠷᠠᠭᠤᠯᠬᠤ ᠰᠤᠷᠤᠬᠴᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠦᠢᠯᠡᠴᠢᠯᠡᠬᠦ ᠵᠢᠯ ᠬᠤᠭᠤᠴᠠᠭ᠎ᠠ ᠨᠢ 5 ᠵᠢᠯ ᠪᠣᠯᠣᠨ᠎ᠠ᠂ ᠡᠨᠡᠬᠦ ᠬᠤᠭᠤᠴᠠᠭᠠᠨ ᠳᠤ᠂ ᠳ᠋ᠣᠺᠲ᠋ᠣᠷᠠᠨᠲ᠂ ᠠᠰᠫᠢᠷᠠᠨᠲ ᠪᠣᠯᠣᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ ᠲᠤᠰ ᠲᠤᠰ ᠵᠢᠯ ᠪᠦᠷᠢ 6 ᠲᠦᠮᠡᠨ ᠲᠥᠭᠦᠷᠢᠭ᠂ 4 ᠲᠦᠮᠡᠨ ᠲᠥᠭᠦᠷᠢᠭ ᠪᠣᠯᠣᠨ 2 ᠲᠦᠮᠡᠨ ᠲᠥᠭᠦᠷᠢᠭ ᠤᠨ ᠠᠵᠤ ᠠᠬᠤᠢ ᠶᠢᠨ ᠨᠥᠬᠦᠪᠦᠷᠢ ᠣᠯᠬᠤ ᠪᠣᠯᠣᠨ᠎ᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠤᠭᠰᠠᠨ ᠬᠠᠨᠳᠤᠯᠭᠠᠲᠤ ᠰᠣᠩᠭᠤᠨ ᠲᠣᠬᠢᠷᠠᠭᠤᠯᠬᠤ ᠰᠤᠷᠤᠭᠴᠢᠳ ᠲᠤ ᠠᠵᠤ ᠠᠬᠤᠢ ᠶᠢᠨ ᠨᠥᠬᠦᠪᠦᠷᠢ ᠮᠥᠩᠭᠦ ᠲᠣᠬᠢᠷᠠᠭᠤᠯᠤᠨ᠎ᠠ᠃ ᠲᠣᠰ ᠤᠳᠠᠭ᠎ᠠ ᠪᠠᠭᠤᠯᠭᠠᠭᠰᠠᠨ ᠪᠡᠯᠡ ᠮᠥᠩᠭᠦ ᠨᠢ 2021 ᠣᠨ ᠠᠴᠠ 2023 ᠤᠨ ᠬᠦᠷᠲᠡᠯᠡᠬᠢ ᠬᠠᠨᠳᠤᠯᠭᠠᠲᠤ ᠰᠣᠩᠭᠤᠨ ᠲᠣᠬᠢᠷᠠᠭᠤᠯᠬᠤ ᠰᠤᠷᠤᠬᠴᠢ ᠶᠢᠨ ᠠᠵᠤ ᠠᠬᠤᠢ ᠶᠢᠨ ᠨᠥᠬᠦᠪᠦᠷᠢ ᠮᠥᠩᠭᠦ ᠪᠣᠯᠣᠨ᠎ᠠ᠃ ᠣᠳᠣᠬᠠᠨ ᠳᠤ᠂ ᠪᠡᠯᠡ ᠮᠥᠩᠭᠦ ᠶᠢ ᠨᠢᠭᠡᠨᠲᠡ ᠬᠠᠨᠳᠤᠯᠭᠠᠲᠤ ᠰᠣᠩᠭᠤᠨ ᠲᠣᠬᠢᠷᠠᠭᠤᠯᠬᠤ ᠰᠤᠷᠤᠬᠴᠢ ᠶᠢᠨ ᠪᠠᠶᠢᠭ᠎ᠠ ᠪᠠᠶᠢᠭᠤᠯᠭ᠎ᠠ ᠳᠤ ᠰᠢᠯᠵᠢᠭᠦᠯᠦᠨ ᠥᠭᠴᠦ᠂  ᠬᠠᠨᠳᠤᠯᠭᠠᠲᠤ ᠰᠣᠩᠭᠤᠨ ᠲᠣᠬᠢᠷᠠᠭᠤᠯᠬᠤ ᠰᠤᠷᠤᠬᠴᠢ ᠶᠢᠨ ᠦᠢᠯᠡᠴᠢᠯᠡᠭᠡᠨ ᠤ ᠬᠤᠭᠤᠴᠠᠭᠠᠨ ᠳᠠᠬᠢ ᠠᠵᠢᠯ ᠪᠠ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠲᠡᠳᠡᠨ ᠤ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠳᠤ ᠦᠢᠯᠡᠴᠢᠯᠡᠬᠦ ᠶᠢ ᠵᠣᠷᠢᠭᠵᠢᠭᠤᠯᠬᠤ ᠪᠣᠯᠣᠨ᠎ᠠ᠃ ᠡᠨᠡ ᠨᠢ ᠮᠥᠨ ᠴᠤ ᠪᠦᠬᠦ ᠬᠤᠲᠠ ᠶᠢᠨ ᠰᠢᠯᠢᠳᠡᠭ ᠴᠢᠳᠠᠪᠤᠷᠢᠲᠠᠨ ᠢ ᠲᠠᠲᠠᠬᠤ ᠪᠠ ᠦᠯᠡᠳᠡᠭᠡᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号