ᠰᠢᠨ᠎ᠡ ᠨᠢᠭᠡ ᠪᠦᠯᠦᠭ ᠰᠦᠯᠵᠢᠶᠡᠨ ᠳᠡᠭᠡᠷᠡᠬᠢ ᠰᠣᠳᠣᠨ ᠬᠢᠴᠢᠶᠡᠯ ᠢ ᠨᠡᠶᠢᠲᠡᠯᠡᠵᠡᠢ
ᠨᠡᠶᠢᠲᠡᠯᠡᠭᠰᠡᠨ ᠴᠠᠭ᠄
2024/12/27
    ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ᠰᠢᠨ᠎ᠡ ᠨᠢᠭᠡ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠦᠯᠵᠢᠶᠡᠨ ᠳᠡᠭᠡᠷᠡᠬᠢ ᠰᠣᠳᠣᠨ ᠬᠢᠴᠢᠶᠡᠯ ᠤᠨ ᠨᠡᠷᠡᠰ ᠢ ᠨᠡᠶᠢᠲᠡᠯᠡᠵᠦ᠂ ᠰᠢᠯᠢᠨ ᠰᠣᠩᠭᠤᠯᠲᠠ ᠪᠠᠷ ᠳᠡᠮᠵᠢᠨ 914 ᠲᠥᠷᠥᠯ ᠤᠨ ᠬᠢᠴᠢᠶᠡᠯ ᠴᠣᠯᠭᠤᠷᠠᠨ ᠭᠠᠷᠴᠤ᠂ 60% ᠨᠢ ᠲᠡᠷᠢᠭᠦᠨ ᠤ ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠣᠲᠣ ᠦᠶ᠎ᠡ ᠶᠢᠨ ᠲᠠᠷᠢᠶᠠᠯᠠᠩ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠵᠡᠷᠭᠡ ᠠᠷᠠᠳ ᠤᠨ ᠠᠮᠢᠳᠤᠷᠠᠯ ᠳᠤ ᠪᠠᠴᠢᠮ ᠲᠤᠲᠠᠭᠳᠠᠵᠤ  ᠪᠠᠶᠢᠭ᠎ᠠ ᠬᠦᠷᠢᠶ᠎ᠡ ᠴᠠᠷᠠᠭ᠎ᠠ ᠳᠤ ᠬᠤᠯᠪᠣᠭᠳᠠᠪᠠ᠃     ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠰᠣᠳᠣᠨ ᠬᠢᠴᠢᠶᠡᠯ ᠢ ᠰᠢᠯᠢᠨ ᠰᠣᠩᠭᠤᠬᠤ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ᠂ ᠰᠢᠨ᠎ᠡ ᠬᠠᠷᠠᠯᠲᠠ ᠶᠢ ᠭᠦᠢᠴᠡᠳ ᠪᠣᠳᠣᠯᠬᠢᠯᠠᠵᠤ᠂ ᠥᠩᠭᠡᠷᠡᠭᠰᠡᠨ ᠤ ᠬᠢ ᠲᠠᠢ ᠬᠠᠷᠢᠴᠠᠭᠤᠯᠪᠠᠯ ᠬᠢᠴᠢᠶᠡᠯ ᠤᠨ ᠠᠭᠤᠯᠭ᠎ᠠ ᠨᠠᠩ ᠪᠠᠶᠠᠯᠢᠭ᠂ ᠣᠨᠴᠠᠯᠢᠭ ᠨᠢ ᠨᠠᠩ ᠢᠯᠡ ᠲᠣᠳᠣ ᠪᠣᠯᠤᠭᠰᠠᠨ ᠪᠠᠶᠢᠨ᠎ᠠ᠃ ᠬᠡᠷᠡᠭᠯᠡᠭᠡᠨ ᠤ ᠴᠢᠨᠠᠷ ᠤᠯᠠᠮ ᠨᠢᠭᠡ ᠠᠯᠬᠤᠮ ᠳᠡᠭᠡᠭᠰᠢᠯᠡᠵᠦ᠂ ︽ᠭᠠᠩᠨᠠᠨ ᠵᠠᠯᠭᠠᠬᠤ ᠮᠠᠰᠢᠨ ᠬᠥᠮᠥᠨ ᠤ ᠠᠵᠢᠯᠯᠠᠭᠠᠨ ᠤ ᠦᠨᠳᠦᠰᠦᠨ ᠮᠡᠳᠡᠯᠭᠡ︾᠂ ︽ᠲᠠᠯᠬ᠎ᠠ ᠦᠢᠯᠡᠳᠪᠦᠷᠢᠯᠡᠬᠦ ᠮᠡᠷᠭᠡᠵᠢᠯ︾ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠳᠤ ᠦᠢᠯᠡᠴᠢᠯᠡᠬᠦ‍ ᠨᠢᠭᠡ ᠪᠦᠯᠦᠭ ᠰᠢᠯᠢᠳᠡᠭ ᠬᠢᠴᠢᠶᠡᠯ ᠰᠣᠩᠭᠤᠬᠳᠠᠪᠠ; ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠨᠢᠭᠲᠠ ᠵᠣᠯᠭᠠᠭᠤᠯᠵᠤ᠂ ᠰᠣᠩᠭᠤᠭᠳᠠᠭᠰᠠᠨ ᠬᠡᠰᠡᠭ ᠬᠢᠴᠢᠶᠡᠯ ᠢ ᠰᠤᠷᠭᠠᠭᠤᠯᠢ ᠪᠠ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠠᠴᠠ ᠬᠠᠮᠲᠤᠷᠠᠨ ᠨᠡᠭᠡᠭᠡᠨ ᠬᠥᠭᠵᠢᠭᠦᠯᠵᠦ᠂ ᠰᠢᠨ᠎ᠡ ᠮᠡᠷᠭᠡᠵᠢᠯ ᠰᠢᠨ᠎ᠡ ᠠᠷᠭ᠎ᠠ ᠠᠭᠤᠰᠤᠯᠴᠠᠭᠤᠯᠬᠤ ᠶᠢᠨ ᠳᠠᠭᠠᠤ ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠳᠤ ᠣᠷᠣᠭᠤᠯᠪᠠ; ᠤᠷ᠎ᠠ ᠴᠢᠳᠠᠪᠤᠷᠢ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ︽ᠸᠠᠭᠠᠷ ᠱᠠᠭᠠᠵᠠᠩᠳᠤ ᠲᠡᠦᠬᠡ ᠶᠢᠨ ᠳᠤᠷᠠᠰᠬᠠᠯᠲᠤ ᠵᠦᠢᠯᠡᠰ ᠢ ᠨᠥᠬᠦᠬᠦ ᠪᠠ ᠬᠠᠮᠠᠭᠠᠯᠠᠬᠤ︾ ᠵᠡᠷᠭᠡ ᠬᠢᠴᠢᠶᠡᠯ ᠨᠢ ᠬᠥᠮᠥᠨ ᠢ ᠬᠥᠮᠥᠵᠢᠭᠦᠯᠬᠦ ᠴᠢᠳᠠᠮᠵᠢ ᠶᠢ ᠪᠠᠳᠠᠷᠠᠭᠤᠯᠬᠤ ᠶᠢ ᠴᠢᠬᠤᠯᠠᠴᠢᠯᠠᠵᠤ᠂ ᠰᠤᠷᠤᠬᠴᠢᠳ ᠤᠨ ᠠᠩᠬᠠᠷᠤᠯ ᠢᠶᠠᠨ ᠨᠢᠭᠲᠠ ᠲᠥᠪᠯᠡᠷᠡᠭᠦᠯᠬᠦ᠂ ᠭᠠᠷᠮᠠᠭᠠᠢ ᠪᠦᠲᠦᠭᠡᠯ ᠢ ᠬᠥᠭᠡᠭᠡᠴᠡᠯᠳᠦᠬᠦ ᠤᠷᠠᠨ ᠳᠠᠷᠬᠠᠨ ᠤ ᠵᠣᠷᠢᠭ ᠰᠠᠨᠠᠭ᠎ᠠ ᠶᠢ ᠬᠥᠮᠥᠵᠢᠭᠦᠯᠪᠡ᠃ ᠡᠭᠦᠨ ᠠᠴᠠ ᠭᠠᠳᠠᠨ᠎ᠠ᠂ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠭᠠᠳᠠᠭᠠᠳᠤ ᠳᠤ ᠭᠠᠷᠭᠠᠬᠤ︾ ᠶᠢ ᠠᠬᠢᠭᠤᠯᠬᠤ ᠪᠣᠯ ᠮᠥᠨ ᠴᠦ ᠲᠣᠰ ᠤᠳᠠᠭᠠᠨ ᠤ ᠬᠢᠴᠢᠶᠡᠯ ᠢ ᠰᠢᠯᠢᠨ ᠰᠣᠩᠭᠤᠬᠤ ᠶᠢᠨ ᠵᠠᠩᠭᠢᠯᠠᠭ᠎ᠠ ᠶᠢᠨ ᠦᠭᠡ ᠪᠠᠶᠢᠵᠤ᠂ ᠨᠢᠭᠡᠨᠲᠡ 60 ᠭᠠᠷᠤᠢ ᠬᠢᠴᠢᠶᠡᠯ ᠢ ᠤᠯᠤᠰ ︵ᠬᠢᠯᠢ︶ ᠤᠨ ᠭᠠᠳᠠᠨ᠎ᠠ ᠨᠡᠭᠡᠭᠡᠵᠦ᠂ 20 ᠭᠠᠷᠤᠢ ᠤᠯᠤᠰ ᠪᠠ ᠭᠠᠵᠠᠷ ᠣᠷᠣᠨ ᠳᠤ ᠤᠷ᠎ᠠ ᠴᠢᠳᠠᠪᠤᠷᠢ ᠶᠢᠨ ᠴᠢᠳᠠᠪᠤᠷᠢᠲᠠᠨ ᠬᠥᠮᠥᠵᠢᠭᠦᠯᠦᠨ ᠥᠭᠴᠦ᠂ ᠠᠯᠢ ᠣᠯᠠᠨ ᠲᠣᠮᠣ ᠳᠤᠮᠳᠠ ᠭᠡᠯᠪᠡᠷᠢ ᠶᠢᠨ ᠣᠯᠠᠨ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠲᠤᠷᠠᠯᠴᠠᠭᠠᠨ ᠤ ᠲᠥᠷᠥᠯ ᠵᠦᠢᠯ ᠳᠤ ᠦᠢᠯᠡᠴᠢᠯᠡᠵᠦ ᠪᠤᠢ᠃     ᠲᠤᠰ ᠤᠳᠠᠭ᠎ᠠ ᠶᠢᠨ ᠰᠣᠩᠭᠤᠭᠳᠠᠭᠰᠠᠨ 914 ᠲᠦᠷᠦᠯ ᠤᠨ ᠬᠢᠴᠢᠶᠡᠯ ᠳᠤ ᠰᠤᠷᠤᠯᠭ᠎ᠠ ᠶᠢᠨ ᠬᠤᠭᠤᠴᠠᠭ᠎ᠠ ᠪᠦᠷᠢ 600 ᠲᠦᠮᠡ ᠰᠢᠬᠠᠮ ᠬᠥᠮᠥᠨ ᠤᠳᠠᠭ᠎ᠠ ᠬᠢᠴᠢᠶᠡᠯ ᠰᠣᠩᠭᠤᠵᠤ ᠬᠢᠴᠢᠶᠡᠯ ᠣᠷᠣᠪᠠ᠃ ᠰᠢᠯᠢᠳᠡᠭ ᠬᠢᠴᠢᠶᠡᠯ ᠤᠨ ᠡᠬᠢ ᠪᠠᠶᠠᠯᠢᠭ ᠢ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠨᠠᠩ ᠣᠯᠠᠨ ᠰᠣᠷᠣᠬᠴᠢ ᠳᠤ ᠠᠰᠢᠭ ᠬᠦᠷᠲᠡᠭᠡᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠠᠴᠠ ᠰᠣᠩᠭᠤᠭᠳᠠᠭᠰᠠᠨ ᠬᠢᠴᠢᠶᠡᠯ ᠢ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ ᠵᠠᠯᠭᠠᠨ ᠣᠷᠣᠭᠤᠯᠬᠤ ᠶᠢᠨ ᠬᠠᠮᠲᠤ ᠨᠡᠶᠢᠭᠡᠮ ᠨᠡᠶᠢᠲᠡ ᠳᠤ 5 ᠵᠢᠯ ᠠᠴᠠ ᠳᠡᠭᠡᠭᠰᠢ ᠰᠦᠢᠳᠬᠡᠯ ᠬᠤᠷᠢᠶᠠᠬᠤ ᠦᠭᠡᠢ ᠪᠠᠷ ᠵᠢᠭᠠᠨ ᠰᠤᠷᠭᠠᠯᠲᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂ ᠲᠠᠪᠴᠠᠩ ᠠᠴᠠ ᠤᠷ᠎ᠠ ᠴᠢᠳᠠᠪᠤᠷᠢ ᠶᠢᠨ ᠵᠢᠷᠤᠭ ᠤᠨ ᠵᠢᠭᠰᠠᠯ᠂ ᠣᠯᠠᠨ ᠶᠠᠩᠵᠤᠴᠢᠯᠠᠭᠰᠠᠨ AI ᠵᠢᠭᠠᠨ ᠰᠤᠷᠭᠠᠯᠲᠠ ᠶᠢᠨ ᠪᠠᠭᠠᠵᠢ ᠵᠡᠷᠭᠡ ᠪᠠᠷ ᠳᠠᠮᠵᠢᠭᠤᠯᠤᠨ ᠰᠤᠷᠤᠬᠴᠢᠳ ᠲᠤ ᠲᠣᠬᠢᠷᠠᠭᠰᠠᠨ ᠰᠤᠷᠤᠯᠴᠠᠬᠤ ᠠᠷᠭ᠎ᠠ ᠵᠠᠮ ᠬᠠᠩᠭᠠᠵᠤ᠂ ᠰᠤᠷᠤᠯᠴᠠᠬᠤ ᠲᠥᠷᠥᠭᠳᠡᠯ ᠢ ᠰᠢᠯᠢᠳᠡᠭᠵᠢᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号