2024 ᠣᠨ ᠤ ᠪᠦᠭᠦ ᠣᠷᠣᠨ ᠤ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ | ᠱᠠᠲᠤᠨ ᠤ ᠠᠵᠢᠯ ᠢ ᠠᠬᠢᠭᠤᠯᠬᠤ ᠬᠤᠷᠠᠯ ᠣᠶᠢᠷ᠎ᠠ ᠶᠢᠨ ᠡᠳᠦᠷ ᠬᠥᠯᠥᠨ ᠪᠤᠶᠢᠷ ᠬᠤᠲᠠ ᠳᠤ ᠬᠤᠷᠠᠯᠳᠤᠵᠤ᠂ ᠬᠠᠮᠢᠶ᠎ᠠ | ᠪᠦᠬᠦᠢ ᠪᠠᠶᠢᠳᠠᠯ ᠢ ᠲᠠᠨᠢᠯᠴᠠᠭᠤᠯᠪᠠ᠃ ᠮᠠᠨ ᠤ ᠣᠷᠣᠨ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠬᠢᠯᠡᠭᠦᠯᠦᠭᠰᠡᠨ ᠠᠴᠠ ᠣᠳᠣᠬᠠᠨ ᠪᠤᠯᠲᠠᠯ᠎ᠠ | ᠪᠦᠭᠦ ᠣᠷᠣᠨ ᠳᠤ ᠨᠢᠭᠡᠨᠲᠡ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠪᠠᠭᠤᠷᠢ ᠶᠢᠨ ᠴᠡᠭ ᠢ | 18655 ᠳᠠᠭᠢᠨ ᠬᠢᠨᠠᠵᠤ᠂ ᠳᠠᠭᠢᠨ ᠬᠢᠨᠠᠭᠰᠠᠨ ᠨᠣᠷᠮ᠎ᠠ 88.43% ᠭᠦᠷᠪᠡ᠃ ᠰᠢᠨ᠎ᠡ ᠪᠠᠷ ᠢᠯᠡᠷᠡᠭᠦᠯᠦᠭᠰᠡᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ 1045 ᠪᠠᠶᠢᠵᠤ᠂ ᠨᠢᠭᠡᠨᠲᠡ 65 ᠬᠤᠰᠢᠭᠤ ᠰᠢᠶᠠᠨ | ᠲᠣᠭᠤᠷᠢᠭ ᠤᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠡᠭᠦᠷᠭᠡ ᠪᠠᠨ ᠪᠡᠶᠡᠯᠡᠭᠦᠯᠦᠭᠰᠡᠨ ᠪᠠᠶᠢᠨ᠎ᠠ᠃ | ᠬᠤᠷᠠᠯ ᠠᠴᠠ ᠪᠠᠰᠠ ᠡᠨᠡ ᠵᠢᠯ ᠤᠨ 9 ᠰᠠᠷ᠎ᠠ ᠠᠴᠠ ᠡᠬᠢᠯᠡᠨ ᠥᠷᠨᠢᠭᠦᠯᠦᠭᠰᠡᠨ ᠤᠷᠳᠤ ᠴᠠᠭᠠᠨ ᠬᠡᠷᠡᠮ ᠤᠨ | ᠲᠤᠰᠬᠠᠢ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠨᠡᠶᠢᠲᠡᠯᠡᠵᠡᠢ᠃ ᠡᠯ᠎ᠡ ᠠᠶᠢᠮᠠᠭ ᠬᠤᠳᠠ ᠶᠢᠨ ᠬᠢᠨ ᠨᠡᠶᠢᠳᠡᠮ | ᠪᠠᠶᠢᠴᠠᠭᠠᠯᠲᠠ ᠶᠢᠨ ᠠᠵᠢᠯ ᠢᠶᠠᠨ ᠲᠦᠷᠭᠡᠨ ᠥᠷᠨᠢᠭᠦᠯᠵᠦ᠂ ᠤᠳᠤᠭ ᠬᠤᠰᠢᠭᠤ᠂ ᠤᠳᠤᠭ ᠤᠨ ᠡᠮᠦᠨᠡᠲᠦ | ᠬᠤᠰᠢᠭᠤᠨ ᠤ ᠮᠢᠩ ᠤᠯᠤᠰ ᠤᠨ ᠤᠷᠳᠤ ᠴᠠᠭᠠᠨ ᠬᠡᠷᠡᠮ᠂ ᠬᠥᠯᠥᠨ ᠪᠤᠶᠢᠷ ᠬᠤᠳᠠ ᠶᠢᠨ ᠠᠯᠲᠠᠨ ᠤᠯᠤᠰ ᠤᠨ | ᠤᠷᠲᠤ ᠴᠠᠭᠠᠨ ᠬᠡᠷᠡᠮ ᠤᠨ ᠲᠤᠰᠬᠠᠢ ᠰᠡᠳᠦᠪᠲᠦ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠲᠤᠬᠠᠢ ᠶᠢᠨ ᠭᠠᠵᠠᠷ ᠲᠤᠨᠢ ᠲᠠᠭᠢᠨ ᠬᠢᠨᠠᠬᠤ ᠠᠵᠢᠯ ᠢ ᠣᠳᠣᠬᠠᠨ ᠳᠤ ᠨᠢᠭᠡᠨᠲᠡ ᠪᠡᠶᠡᠯᠡᠭᠦᠯᠪᠡ᠃ | ᠬᠤᠷᠠᠯ ᠠᠴᠠ᠂ ᠡᠯ᠎ᠡ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠨ ᠬᠢᠨ | ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠬᠥᠮᠥᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠢᠶᠠᠨ | ᠲᠥᠪᠯᠡᠷᠡᠭᠦᠯᠦᠨ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠱᠠᠲᠤᠨ ᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ᠂ ᠢᠷᠡᠬᠦ ᠵᠢᠯ ᠤᠨ 5 ᠰᠠᠷ᠎ᠠ ᠶᠢᠨ ᠰᠡᠭᠦᠯᠴᠢ ᠠᠴᠠ ᠡᠮᠦᠨ᠎ᠡ ᠲᠤᠬᠠᠢ ᠶᠢᠨ ᠭᠠᠵᠠᠷ | ᠲᠤᠨᠢ ᠪᠠᠶᠢᠴᠠᠭᠠᠯᠲᠠ ᠬᠢᠬᠦ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠳᠠᠭᠤᠰᠬᠠᠬᠤ ᠬᠡᠷᠡᠭᠲᠡᠢ᠃ ᠳᠥᠷᠪᠡᠳᠦᠭᠡᠷ | ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠳᠤ ᠲᠦᠰᠢᠭᠯᠡᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠬᠥᠮᠥᠷᠭᠡ ᠶᠢ | ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠢᠨᠵᠧᠨᠧᠷᠢᠩ ᠢ ᠴᠢᠭᠯᠡᠭᠦᠯᠬᠦ | ᠴᠢᠨᠠᠷᠲᠠᠢ ᠪᠠᠷ ᠬᠡᠷᠡᠭᠵᠢᠭᠦᠯᠵᠦ᠂ ᠲᠡᠦᠬᠡ ᠶᠢᠨ ᠳᠤᠷᠠᠰᠬᠠᠯᠲᠤ ᠪᠠᠭᠤᠷᠢ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ | ᠣᠨᠣᠪᠴᠢᠲᠠᠶ ᠡᠵᠡᠮᠰᠢᠵᠦ᠂ ᠪᠠᠭᠤᠷᠢ ᠶᠢᠨ ᠲᠠᠷᠬᠠᠯᠲᠠ ᠶᠢ ᠨᠠᠷᠢᠯᠢᠭ ᠣᠨᠣᠴᠠᠲᠠᠢ ᠪᠠᠷ ᠮᠠᠭᠠᠳᠯᠠᠵᠤ᠂ ︽ᠪᠠᠶᠢᠴᠠᠭᠠᠬᠤ | ᠶᠣᠰᠣᠲᠠᠢ ᠶᠢ ᠨᠢ ᠪᠦᠭᠦᠨ ᠢ ᠪᠠᠶᠢᠴᠠᠭᠠᠵᠤ᠂ ᠬᠠᠮᠠᠭᠠᠯᠠᠬᠤ ᠶᠣᠰᠣᠲᠠᠢ ᠶᠢ ᠨᠢ ᠪᠦᠭᠦᠨ ᠢ ᠬᠠᠮᠠᠭᠠᠯᠠᠬᠤ︾ ᠵᠠᠷᠴᠢᠮ ᠢ | ᠪᠠᠷᠢᠮᠲᠠᠯᠠᠨ᠂ ᠣᠷᠣᠨ ᠪᠦᠰᠡ ᠶᠢᠨ ᠳᠣᠲᠣᠷᠠᠬᠢ ᠡᠯ᠎ᠡ ᠲᠥᠷᠥᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠰᠦᠪᠡᠭᠴᠢ ᠶᠢ ᠪᠦᠭᠦ ᠲᠠᠯ᠎ᠠ ᠪᠠᠷ ᠰᠢᠰᠲ᠋ᠧᠮ ᠲᠠᠢ ᠴᠤᠭᠯᠠᠭᠤᠯᠵᠤ᠂ ᠬᠠᠮᠠᠭᠠᠯᠠᠬᠤ ᠨᠡᠷᠡᠰ ᠤᠨ ᠵᠢᠭᠰᠠᠭᠠᠯᠲᠠ ᠳᠤ ᠴᠠᠭ | ᠲᠤᠬᠠᠢ ᠳᠤᠨᠢ ᠣᠷᠣᠭᠤᠯᠵᠤ᠂ ᠪᠦᠭᠦᠨ ᠢ ᠬᠠᠮᠤᠷᠬᠤ᠂ ᠥᠨᠴᠥᠭ ᠪᠤᠯᠤᠩ ᠦᠯᠡᠳᠡᠭᠡᠬᠦ ᠦᠭᠡᠢ᠂ ᠣᠷᠬᠢᠭᠳᠠᠭᠤᠯᠬᠤ | ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ | ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ |