ᠬᠤᠷᠢᠨᠭᠡᠷ ᠰᠢᠨ᠎ᠡ ᠲᠣᠭᠤᠷᠢᠭ ᠬᠢᠭᠡᠳ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠠᠭᠤᠰᠤᠯᠴᠠᠨ ᠬᠥᠭᠵᠢᠬᠦ ᠳᠠᠶᠢᠴᠢᠯᠠᠯᠲᠠ ᠶᠢᠨ ᠶᠡᠭᠡ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/12/3
ᠾᠧ ᠬᠠᠢ ᠳ᠋ᠦᠩ ᠳᠠᠶᠢᠴᠢᠯᠠᠯᠲᠠ ᠶᠢᠨ ᠶᠠᠷᠢᠶ᠎ᠠ ᠲᠠᠯᠪᠢᠪᠠ             ︵ᠰᠤᠷᠪᠤᠯᠵᠢᠯᠠᠭᠴᠢ ᠯᠢᠶᠠᠩ ᠵᠢᠩ ᠱᠤ᠋︶ 11 ᠳ᠋ᠦ᠋ᠭᠡᠷ ᠰᠠᠷ᠎ᠠ ᠶᠢᠨ 29 ᠤ ᠡᠳᠦᠷ᠂ ᠬᠤᠷᠢᠨᠭᠡᠷ ᠰᠢᠨ᠎ᠡ ᠲᠣᠭᠤᠷᠢᠭ ᠬᠢᠭᠡᠳ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠠᠭᠤᠰᠤᠯᠴᠠᠨ ᠬᠥᠭᠵᠢᠬᠦ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ᠃           ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠲᠠᠯ᠎ᠠ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ  ᠬᠥᠬᠡᠬᠤᠲᠠ ᠶᠢᠨ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ ᠲᠤᠬᠠᠢ ᠰᠠᠨᠠᠯ︾ ᠢ ᠨᠡᠶᠢᠲᠡᠯᠡᠵᠦ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠵᠢᠴᠢ ᠬᠤᠷᠢᠨᠭᠡᠷ ᠰᠢᠶᠠᠨ ᠤ ᠭᠤᠣᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠪᠡ᠃           ᠬᠤᠷᠠᠯ ᠠᠴᠠ᠂ ᠬᠤᠷᠢᠨᠭᠡᠷ ᠰᠢᠨ᠎ᠡ ᠲᠣᠭᠤᠷᠢᠭ ᠬᠢᠭᠡᠳ ᠬᠤᠷᠢᠨᠭᠡᠷ  ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠠᠭᠤᠰᠤᠯᠴᠠᠭᠤᠯᠤᠨ ᠬᠥᠭᠵᠢᠭᠦᠯᠬᠦ  ᠪᠣᠯ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠰᠢᠢᠳᠪᠦᠷᠢ ᠪᠣᠯᠣᠨ᠎ᠠ᠂ ᠬᠤᠯᠪᠣᠭᠳᠠᠯ ᠪᠦᠬᠦᠢ  ᠭᠠᠵᠠᠷ ᠣᠷᠣᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠪᠠᠨ ᠨᠢᠭᠡᠳᠬᠡᠵᠦ᠂ ᠡᠷᠴᠢ  ᠵᠣᠷᠢᠭ ᠢᠶᠠᠨ  ᠬᠥᠭᠵᠢᠭᠡᠵᠦ᠂ ᠰᠡᠳᠬᠢᠯ ᠨᠢᠭᠡᠳᠦᠨ  ᠬᠦᠴᠦ ᠪᠠᠨ  ᠬᠠᠮᠲᠤᠳᠬᠠᠬᠤ  ᠬᠡᠷᠡᠭᠲᠡᠢ  ᠭᠡᠵᠡᠢ᠃           ᠬᠤᠷᠠᠯ ᠠᠴᠠ ᠱᠠᠭᠠᠷᠳᠠᠭᠰᠠᠨ ᠨᠢ᠂ ᠶᠡᠭᠡ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠪᠥᠬᠦ ᠲᠠᠯ᠎ᠠ ᠪᠠᠷ ᠨᠡᠶᠢᠳᠬᠡᠨ᠂ ᠵᠠᠪᠰᠠᠷ ᠦᠭᠡᠢ ᠵᠣᠯᠭᠠᠭᠤᠯᠤᠨ᠂ ᠡᠷᠡᠰ ᠬᠡᠷᠡᠭᠵᠢᠭᠦᠯᠵᠦ᠂ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ᠂ ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠳᠣᠲᠣᠭᠠᠳᠤ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠭᠤᠣᠯᠯᠠᠬᠤ ᠠᠵᠤ ᠦᠢᠯᠡᠰ ᠢ ᠬᠦᠴᠦᠷᠬᠡᠭᠵᠢᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠵᠦᠢ ᠵᠣᠬᠢᠰᠲᠠᠢ ᠠᠵᠢᠯ ᠤᠨ ᠬᠤᠪᠢᠶᠠᠷᠢᠯᠠᠯ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠪᠠᠶᠢᠷᠢ ᠰᠣᠯᠪᠢᠴᠠᠨ ᠬᠥᠭᠵᠢᠬᠦ᠂ ᠣᠨᠴᠠᠯᠢᠭᠲᠤ ᠬᠥᠭᠵᠢᠯᠲᠡ ᠶᠢᠨ ᠵᠠᠮ ᠢᠶᠠᠷ ᠵᠠᠮᠨᠠᠵᠤ᠂ ᠥᠨᠳᠥᠷ ᠲᠦᠪᠰᠢᠨ᠂ ᠥᠨᠳᠥᠷ ᠪᠠᠷᠢᠮᠵᠢᠶ᠎ᠠ ᠪᠠᠷ ᠣᠳᠣᠬᠢᠴᠢᠯᠠᠭᠰᠠᠨ ᠬᠤᠳᠠ ᠶᠢᠨ ᠳᠡᠳ᠋ ᠲᠥᠪ ᠢ ᠪᠠᠶᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂ ᠠᠵᠢᠯᠲᠠᠨ ᠢ ᠨᠢᠭᠡᠳᠦᠯᠲᠡᠢ ᠲᠥᠯᠥᠪᠵᠢᠭᠦᠯᠬᠦ᠂ ᠠᠵᠤ ᠦᠢᠯᠡᠰ ᠤᠨ ᠬᠠᠮᠵᠢᠯᠴᠠᠭ᠎ᠠ ᠶᠢ ᠰᠠᠶᠢᠲᠤᠷ ᠬᠢᠵᠦ᠂ ᠰᠢᠨ᠎ᠡ ᠣᠷᠣᠨ ᠪᠦᠰᠡ ᠶᠢᠨ ᠨᠡᠮᠡᠭᠳᠡᠯ ᠤᠨ ᠲᠤᠶᠢᠯ ᠢ ᠢᠳᠡᠪᠬᠢᠲᠡᠢ ᠡᠭᠦᠳᠴᠦ᠂ ᠬᠤᠷᠢᠨᠭᠡᠷ ᠰᠢᠨ᠎ᠡ ᠲᠣᠭᠤᠷᠢᠭ ᠪᠣᠯᠣᠨ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠠᠭᠤᠰᠤᠯᠴᠠᠯ ᠤᠨ ︽1+1>2︾ ᠳᠠᠪᠬᠤᠴᠠᠭ᠎ᠠ ᠦᠢᠯᠡᠳᠦᠯ ᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号