ᠰᠤᠷᠭᠠᠭᠤᠯᠢ ᠶᠢᠨ ᠭᠠᠳᠠᠨᠠᠬᠢ ︽ᠠᠮᠤᠷ ᠲᠦᠪᠰᠢᠨ ᠤ ᠰᠢᠬᠦᠷ︾ ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/12/30
    ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨ ᠠᠶᠤᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠵᠡᠭᠡᠯᠢ ᠭᠤᠳᠤᠮᠵᠢ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃
    ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠨᠢ ᠲᠤᠬᠠᠢ ᠶᠢᠨ ᠭᠠᠵᠠᠷ ᠲᠤᠨᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠲᠠᠷᠬᠠᠭᠠᠨ ᠶᠠᠪᠤᠭᠤᠯᠬᠤ ᠵᠠᠮ᠂ ᠠᠮᠤᠷ ᠲᠦᠪᠰᠢᠨ ᠭᠠᠷᠬᠤ ᠡᠭᠦᠳᠡ ᠨᠢ ᠰᠠᠭᠠᠳ ᠦᠭᠡᠢ ᠨᠡᠪᠲᠡᠷᠡᠬᠦ ᠡᠰᠡᠬᠦ︔ ᠠᠮᠤᠷ ᠲᠦᠪᠰᠢᠨ ᠢᠶᠠᠷ ᠲᠠᠷᠬᠠᠭᠠᠬᠤ ᠵᠢᠭᠠᠯᠲᠠ ᠶᠢᠨ ᠲᠡᠮᠳᠡᠭ ᠪᠠᠶᠢᠷᠢᠯᠠᠭᠤᠯᠤᠭᠰᠠᠨ ᠨᠢ ᠵᠢᠷᠤᠮᠵᠢᠯ ᠲᠠᠢ ᠪᠠᠶᠢᠬᠤ ᠡᠰᠡᠬᠦ︔ ᠭᠠᠯ ᠤᠨᠲᠠᠷᠠᠭᠠᠭᠤᠷ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ︔ ᠠᠰᠠᠷ ᠤᠨ ᠱᠠᠲᠤᠨ ᠤ ᠭᠠᠯ ᠤᠨᠲᠠᠷᠠᠭᠠᠬᠤ ᠡᠭᠦᠳᠡ ᠨᠢ ᠪᠢᠲᠡᠭᠦᠮᠵᠢᠯᠡᠯ ᠤᠨ ᠪᠠᠶᠢᠳᠠᠯ ᠳᠤ ᠪᠠᠶᠢᠬᠤ ᠡᠰᠡᠬᠦ︔ ᠭᠠᠯ ᠤᠨᠲᠠᠷᠠᠭᠠᠬᠤ ᠮᠤᠰᠬᠢᠭᠤᠷ ᠨᠢ ᠭᠠᠯ ᠤᠨᠲᠠᠷᠠᠭᠠᠬᠤ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠳᠤ ᠨᠡᠶᠢᠴᠡᠬᠦ ᠡᠰᠡᠬᠦ︔ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠳᠤ ᠨᠠᠷᠢᠨ ᠨᠢᠮᠪᠠᠢ ᠪᠠᠶᠢᠴᠠᠭᠠᠯᠲᠠ ᠬᠢᠪᠡ᠃ ᠡᠭᠦᠨ ᠤ ᠬᠠᠮᠲᠤ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠠᠮᠠᠭᠠᠯᠠᠨ ᠬᠡᠷᠡᠭᠯᠡᠭᠰᠡᠨ ᠪᠠ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠡᠵᠡᠮᠰᠢᠭᠰᠡᠨ ᠪᠠᠶᠢᠳᠠᠯ ᠢ ᠪᠦᠬᠦ ᠲᠠᠯ᠎ᠠ ᠪᠠᠷ ᠰᠤᠭᠤᠴᠢᠨ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠠᠴᠠ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠭᠠᠯ ᠤᠨ ᠠᠶᠤᠯ ᠤᠨ ᠪᠠᠶᠢᠳᠠᠯ ᠢ ᠲᠣᠳᠣᠷᠬᠠᠢ ᠲᠠᠨᠢᠭᠤᠯᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ ᠤᠬᠠᠮᠰᠠᠷ ᠢᠶᠠᠨ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠳᠠᠯᠳᠠ ᠭᠡᠮ ᠢ ᠠᠷᠢᠯᠭᠠᠬᠤ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠪᠠᠷ ᠳᠡᠮᠵᠢᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠵᠢᠴᠢ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ  ᠳᠤᠨᠢ ᠠᠷᠢᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠬᠠᠷᠢᠶᠠᠲᠤ ᠣᠷᠣᠨ ᠤ ᠨᠡᠶᠢᠭᠡᠮ ᠤᠨ ᠲᠠᠯ᠎ᠠ ᠶᠢᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃     ᠲᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠰᠤᠷᠭᠠᠨ ᠬᠥᠮᠦᠵᠢᠯ ᠢ ᠪᠠᠶᠢᠩᠭᠤᠵᠢᠭᠤᠯᠵᠤ᠂ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠵᠤ᠂ ᠨᠡᠶᠢᠭᠡᠮ ᠲᠤᠭᠤᠷᠢᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠳᠡᠭᠡᠳᠦ ᠬᠡᠮᠵᠢᠶ᠎ᠡ ᠪᠠᠷ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠰᠤᠷᠪᠤᠯᠵᠢᠯᠠᠭᠴᠢ ᠶᠠᠩ ᠵᠢᠶᠠᠨ ᠲᠢᠩ ᠴᠢᠮᠡᠭᠡᠯᠡᠭᠴᠢ ᠵᠤᠤ ᠢᠦᠢ ᠵᠢᠶᠠ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号