ᠨᠢᠭᠡ ᠳᠤ᠂ ︽ᠠᠯᠤᠰ ᠠᠴᠠ ᠬᠠᠶᠢᠨ ᠰᠢᠯᠭᠠᠬᠤ + ᠡᠮᠦᠨᠡᠬᠢ ᠬᠤᠭᠤᠴᠠᠭᠠᠨ ᠤ ᠵᠢᠯᠣᠭᠤᠳᠤᠯᠭ᠎ᠠ︾ ᠪᠠᠷ | ᠳᠡᠪᠰᠢᠭᠦᠯᠦᠭᠰᠡᠨ ᠮᠠᠲ᠋ᠧᠷᠢᠶᠠᠯ ᠤᠨ ᠠᠩᠬᠠᠨ ᠤ ᠬᠢᠨᠠᠯᠲᠠ ᠳᠤ ᠪᠠᠲᠤᠯᠠᠭᠳᠠᠬᠤ ᠨᠣᠷᠮ᠎ᠠ ᠶᠢ ᠳᠡᠭᠡᠭᠰᠢᠯᠡᠭᠦᠯᠪᠡ᠃ | ︽ᠠᠯᠤᠰ ᠠᠴᠠ ᠬᠠᠶᠢᠨ ᠰᠢᠯᠭᠠᠬᠤ + ᠡᠮᠦᠨᠡᠬᠢ ᠬᠤᠭᠤᠴᠠᠭᠠᠨ ᠤ ᠵᠢᠯᠣᠭᠤᠳᠤᠯᠭ᠎ᠠ︾ ᠶᠢ ᠭᠤᠶᠤᠴᠢᠯᠠᠭᠰᠠᠨ ᠠᠵᠤ | ᠠᠬᠤᠶᠢᠯᠠᠯ ᠳᠤ᠂ ᠬᠠᠶᠢᠨ ᠰᠢᠯᠭᠠᠬᠤ ᠲᠤᠰᠬᠠᠢ ᠠᠵᠢᠯᠲᠠᠨ ᠢ ᠲᠡᠷᠡ ᠳᠠᠷᠤᠢ ᠳᠤ ᠨᠢ ᠠᠵᠤ ᠠᠬᠤᠶᠢᠯᠠᠯ ᠲᠠᠢ | ᠵᠣᠯᠭᠠᠭᠤᠯᠵᠤ ᠵᠢᠯᠤᠭᠤᠳᠬᠤ ᠦᠢᠯᠡᠴᠢᠯᠡᠭᠡ ᠶᠢ ᠰᠠᠶᠢᠲᠤᠷ ᠬᠢᠯᠭᠡᠵᠦ᠂ ᠠᠵᠤ ᠠᠬᠤᠶᠢᠯᠠᠯ ᠳᠠᠬᠢ ᠬᠠᠶᠢᠨ ᠰᠢᠯᠭᠠᠯᠲᠠ ᠶᠢ | ᠲᠣᠰ ᠡᠳᠦᠷ ᠲᠤ ᠨᠢ ᠰᠢᠯᠭᠠᠨ ᠠᠪᠴᠤ ᠲᠤᠰ ᠡᠳᠦᠷ ᠲᠤ ᠨᠢ ᠪᠠᠲᠤᠯᠠᠭᠳᠠᠬᠤ ᠶᠢ ᠪᠡᠶᠡᠯᠡᠭᠦᠯᠪᠡ᠃ ᠣᠳᠣᠬᠠᠨ | ᠪᠣᠯᠲᠠᠯ᠎ᠠ᠂ ︽ᠠᠯᠤᠰ ᠠᠴᠠ ᠬᠠᠶᠢᠨ ᠰᠢᠯᠭᠠᠬᠤ + ᠡᠮᠦᠨᠡᠬᠢ ᠬᠤᠭᠤᠴᠠᠭᠠᠨ ᠤ ᠵᠢᠯᠣᠭᠤᠳᠤᠯᠭ᠎ᠠ︾ ᠶᠢ ᠨᠡᠶᠢᠲᠡ 547 | ᠤᠳᠠᠭ᠎ᠠ ᠭᠦᠢᠴᠡᠳᠬᠡᠪᠡ᠃ ᠬᠤᠶᠠᠷ ᠲᠤ᠂ ︽ᠠᠯᠤᠰ ᠠᠴᠠ ᠬᠠᠶᠢᠨ ᠰᠢᠯᠭᠠᠬᠤ + ᠠᠮᠠᠯᠠᠯᠲᠠ ᠪᠠᠷ ᠬᠠᠶᠢᠨ ᠰᠢᠯᠭᠠᠬᠤ ᠶᠢ | ᠬᠡᠯᠲᠦᠷᠢᠭᠦᠯᠬᠦ︾ ᠪᠠᠷ ᠢᠲᠡᠭᠡᠮᠵᠢ ᠲᠠᠢ ᠠᠵᠤ ᠠᠬᠤᠶᠢᠯᠠᠯ ᠤᠨ ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠤᠨ | ᠲᠤᠭ᠎ᠠ ᠬᠡᠮᠵᠢᠶ᠎ᠡ ᠶᠢ ᠬᠠᠰᠤᠵᠤ ᠬᠡᠯᠲᠦᠷᠢᠭᠦᠯᠪᠡ᠃ ᠬᠡᠰᠡᠭ ᠤᠴᠢᠷ ᠶᠠᠪᠤᠳᠠᠯ ᠤᠳ ᠨᠢ ᠠᠮᠠᠯᠠᠯᠲᠠ ᠶᠢᠨ ᠳᠦᠷᠢᠮ ᠳᠤ | ᠬᠠᠷᠢᠶᠠᠯᠠᠭᠳᠠᠬᠤ ᠪᠥᠭᠡᠳ ᠳᠠᠷᠤᠶᠢᠬᠠᠨ ᠰᠢᠢᠳᠪᠦᠷᠢᠯᠡᠬᠦ ᠪᠠᠶᠢᠳᠠᠯ ᠳᠤ ᠨᠡᠶᠢᠴᠡᠭᠦᠯᠦᠨ᠂ ᠠᠵᠤ ᠠᠬᠤᠶᠢᠯᠠᠯ ᠤᠨ | ᠢᠲᠡᠭᠡᠮᠵᠢ ᠶᠢᠨ ᠲᠡᠮᠳᠡᠭᠯᠡᠯ ᠢ ᠬᠢᠨᠠᠨ ᠬᠠᠷᠭᠤᠭᠤᠯᠤᠭᠠᠳ ᠠᠵᠤ ᠠᠬᠤᠶᠢᠯᠠᠯ ᠤᠨ ᠢᠲᠡᠭᠡᠮᠵᠢ ᠪᠠᠨ ᠠᠯᠳᠠᠵᠤ | ᠭᠡᠷ᠎ᠡ ᠠᠴᠠ ᠪᠠᠨ ᠵᠥᠷᠢᠴᠡᠭᠰᠡᠨ ᠪᠠᠶᠢᠳᠠᠯ ᠣᠷᠣᠰᠢᠬᠤ ᠦᠭᠡᠢ ᠪᠠᠶᠢᠬᠤ ᠶᠢ ᠮᠡᠳᠡᠭᠰᠡᠨ ᠤᠷᠢᠲᠠᠯ ᠳᠣᠣᠷ᠎ᠠ᠂ ᠠᠵᠤ | ᠠᠬᠤᠶᠢᠯᠠᠯ ᠨᠢ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ ᠳᠠᠷᠠᠭ᠎ᠠ ᠨᠢ ᠠᠯᠤᠰ ᠠᠴᠠ ᠸᠢᠳᠢᠤ᠋ ᠪᠠᠷ | ᠬᠠᠶᠢᠨ ᠰᠢᠯᠭᠠᠵᠤ᠂ ᠬᠠᠶᠢᠨ ᠰᠢᠯᠭᠠᠬᠤ ᠪᠦᠬᠦ ᠶᠠᠪᠤᠴᠠ ᠳᠤ ᠪᠠᠨ ᠳᠦᠷᠰᠦ ᠰᠢᠩᠭᠡᠭᠡᠯᠲᠡ ᠬᠢᠵᠦ ᠭᠡᠷᠡᠴᠢ ᠦᠯᠡᠳᠡᠭᠡᠨ᠎ᠡ᠃ | ᠣᠳᠣᠬᠠᠨ ᠪᠣᠯᠲᠠᠯ᠎ᠠ᠂ ︽ᠠᠯᠤᠰ ᠠᠴᠠ ᠬᠠᠶᠢᠨ ᠰᠢᠯᠭᠠᠬᠤ + ᠠᠮᠠᠯᠠᠯᠲᠠ ᠪᠠᠷ ᠬᠠᠶᠢᠨ ᠰᠢᠯᠭᠠᠬᠤ ᠶᠢ ᠬᠡᠯᠲᠦᠷᠢᠭᠦᠯᠬᠦ︾ | ᠶᠢ ᠨᠡᠶᠢᠲᠡ 185 ᠤᠳᠠᠭ᠎ᠠ ᠭᠦᠢᠴᠡᠳᠬᠡᠪᠡ᠃ ᠭᠤᠷᠪᠠ ᠳᠤ᠂ ︽ᠠᠯᠤᠰ ᠠᠴᠠ ᠬᠠᠶᠢᠨ ᠰᠢᠯᠭᠠᠬᠤ + ᠲᠤᠰᠢᠶᠠᠬᠤ | ᠴᠢᠬᠤᠯᠠᠲᠠᠢ ᠪᠢᠴᠢᠭ ᠮᠠᠲ᠋ᠧᠷᠢᠶᠠᠯ ᠤᠨ ᠳᠤᠲᠠᠭᠤ ᠶᠢ ᠪᠠᠭᠲᠠᠭᠠᠨ ᠬᠠᠶᠢᠨ ᠰᠢᠯᠭᠠᠬᠤ︾ ᠪᠠᠷ ᠢᠲᠡᠭᠡᠮᠵᠢ ᠲᠠᠢ ᠠᠵᠤ | ᠠᠬᠤᠶᠢᠯᠠᠯ ᠳᠤ ᠭᠤᠶᠤᠴᠢᠯᠠᠨ ᠭᠦᠢᠴᠡᠳᠬᠡᠬᠦ ᠨᠥᠬᠦᠴᠡᠯ ᠢ ᠠᠭᠤᠵᠢᠭᠤ ᠲᠠᠯᠪᠢᠵᠤ ᠥᠭᠪᠡ᠃ ᠠᠵᠤ ᠠᠬᠤᠶᠢᠯᠠᠯ ᠤᠨ | ᠢᠲᠡᠭᠡᠮᠵᠢ ᠶᠢᠨ ᠲᠡᠮᠳᠡᠭᠯᠡᠯ ᠢ ᠬᠢᠨᠠᠨ ᠬᠠᠷᠭᠤᠭᠤᠯᠤᠭᠠᠳ᠂ ᠠᠵᠤ ᠠᠬᠤᠶᠢᠯᠠᠯ ᠨᠢ ᠢᠲᠡᠭᠡᠮᠵᠢ ᠠᠯᠳᠠᠭᠰᠠᠨ ᠦᠭᠡᠢ ᠪᠠ | ᠭᠡᠷ᠎ᠡ ᠶᠢ ᠵᠥᠷᠢᠴᠡᠭᠰᠡᠨ ᠦᠭᠡᠢ ᠪᠠᠶᠢᠳᠠᠯ ᠳᠣᠣᠷ᠎ᠠ᠂ ᠠᠵᠤ ᠠᠬᠤᠶᠢᠯᠠᠯ ᠤᠨ ᠬᠠᠶᠢᠨ ᠰᠢᠯᠭᠠᠬᠤ ᠳᠤ ᠳᠤᠲᠠᠭᠤᠳᠠᠵᠤ | ᠪᠠᠶᠢᠭ᠎ᠠ ᠬᠡᠰᠡᠭ ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠦᠭᠡᠢ ᠪᠠᠶᠢᠳᠠᠯ ᠳᠤ ᠤᠷᠢᠳ ᠢᠶᠠᠷ ᠲᠤᠬᠠᠢ ᠶᠢᠨ | ᠲᠠᠯᠠᠪᠤᠷ ᠲᠤ ᠨᠢ ᠬᠠᠶᠢᠨ ᠰᠢᠯᠭᠠᠬᠤ ᠶᠢ ᠵᠥᠪᠰᠢᠶᠡᠷᠡᠵᠦ᠂ ᠬᠠᠶᠢᠨ ᠰᠢᠯᠭᠠᠭᠰᠠᠨ ᠤ ᠳᠠᠷᠠᠭ᠎ᠠ ᠴᠡᠭᠴᠡᠯᠡᠨ | ᠰᠠᠶᠢᠵᠢᠷᠠᠭᠤᠯᠬᠤ ᠰᠠᠨᠠᠯ ᠢᠶᠠᠨ ᠨᠢᠭᠡ ᠯᠡ ᠤᠳᠠᠭ᠎ᠠ ᠳᠤ ᠮᠡᠳᠡᠭᠳᠡᠵᠦ᠂ ᠠᠵᠤ ᠠᠬᠤᠶᠢᠯᠠᠯ ᠪᠦᠬᠦᠨ ᠢ ᠴᠡᠭᠴᠡᠯᠡᠨ | ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ᠂ ᠠᠯᠤᠰ ᠠᠴᠠ ᠬᠠᠶᠢᠨ ᠰᠢᠯᠭᠠᠬᠤ ᠠᠷᠭ᠎ᠠ ᠮᠠᠶ᠋ᠢᠭ ᠢᠶᠠᠷ | ᠲᠤᠬᠠᠢ ᠶᠢᠨ ᠲᠠᠯᠠᠪᠤᠷ ᠲᠤ ᠨᠢ ᠳᠠᠬᠢᠨᠲᠠ ᠬᠠᠶᠢᠨ ᠰᠢᠯᠭᠠᠬᠤ᠂ ᠰᠦᠯᠵᠢᠶᠡᠨ ᠳᠡᠭᠡᠷ᠎ᠡ ᠳᠤᠲᠠᠭᠤ ᠶᠢ ᠨᠢ ᠪᠠᠭᠲᠠᠭᠠᠨ | ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠤᠳ ᠢ ᠨᠥᠬᠦᠪᠦᠷᠢᠯᠡᠨ ᠲᠤᠰᠢᠶᠠᠯᠭᠠᠵᠤ᠂ ᠠᠵᠤ ᠠᠬᠤᠶᠢᠯᠠᠯ ᠳᠠᠬᠢ | ᠬᠠᠶᠢᠨ ᠰᠢᠯᠭᠠᠯᠲᠠ ᠶᠢ ᠬᠦᠯᠢᠶᠡᠬᠦ ᠴᠠᠭ ᠪᠠ ᠵᠠᠰᠠᠭ ᠵᠠᠬᠢᠷᠭᠠᠨ ᠤ ᠥᠪᠡᠷ ᠤᠨ ᠥᠷᠲᠡᠭ ᠤᠨ ᠬᠤᠷᠣᠭᠳᠠᠯ ᠢ | ᠪᠠᠭᠠᠰᠬᠠᠪᠠ᠃ ᠣᠳᠣᠬᠠᠨ ᠪᠣᠯᠲᠠᠯ᠎ᠠ᠂ ︽ᠠᠯᠤᠰ ᠠᠴᠠ ᠬᠠᠶᠢᠨ ᠰᠢᠯᠭᠠᠬᠤ + ᠲᠤᠰᠢᠶᠠᠬᠤ ᠴᠢᠬᠤᠯᠠᠲᠠᠢ ᠪᠢᠴᠢᠭ | ᠮᠠᠲ᠋ᠧᠷᠢᠶᠠᠯ ᠤᠨ ᠳᠤᠲᠠᠭᠤ ᠶᠢ ᠪᠠᠭᠲᠠᠭᠠᠨ ᠬᠠᠶᠢᠨ ᠰᠢᠯᠭᠠᠬᠤ︾ ᠶᠢ ᠨᠡᠶᠢᠲᠡ 101 ᠤᠳᠠᠭ᠎ᠠ ᠭᠦᠢᠴᠡᠳᠬᠡᠪᠡ᠃ | ᠳᠥᠷᠪᠡ ᠳᠤ᠂ ︽ᠡᠯᠧᠺᠲᠷᠣᠨ ᠲᠠᠩᠰᠠ ᠡᠪᠬᠡᠮᠡᠯ + ᠪᠥᠬᠦ ᠶᠠᠪᠤᠴᠠ ᠳᠤ ᠮᠥᠷ ᠦᠯᠡᠳᠡᠭᠡᠬᠦ︾ ᠪᠠᠷ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠵᠢᠷᠤᠮᠵᠢᠯ ᠢ ᠦᠨᠡᠨ ᠬᠦ ᠪᠠᠲᠤᠯᠠᠪᠠ᠃ ᠡᠯᠧᠺᠲᠷᠣᠨ ᠲᠠᠩᠰᠠ ᠡᠪᠬᠡᠮᠡᠯ ᠤᠨ ᠲᠤᠭ᠎ᠠ | ᠪᠠᠷᠢᠮᠲᠠ ᠶᠢᠨ ᠬᠥᠮᠥᠷᠭᠡ ᠶᠢ ᠡᠭᠦᠳᠦᠨ ᠪᠠᠶᠢᠭᠤᠯᠵᠤ᠂ ᠬᠠᠶᠢᠨ ᠰᠢᠯᠭᠠᠬᠤ ᠵᠠᠩᠭᠢᠯᠠᠭ᠎ᠠ ᠶᠢᠨ ᠲᠤᠭ᠎ᠠ ᠪᠠᠷᠢᠮᠲᠠ ᠶᠢᠨ | ᠪᠥᠬᠦ ᠶᠠᠪᠤᠴᠠ ᠶᠢᠨ ᠪᠢᠲᠡᠭᠦᠮᠵᠢᠯᠡᠭᠰᠡᠨ ᠲᠠᠩᠰᠠ ᠡᠪᠬᠡᠮᠡᠯ ᠳᠤ ᠣᠷᠣᠭᠤᠯᠬᠤ ᠲᠣᠭᠲᠠᠴᠠ ᠶᠢ ᠪᠠᠶᠢᠭᠤᠯᠪᠠ᠃ | ᠣᠳᠣᠬᠠᠨ ᠳᠤ᠂ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠵᠥᠪᠰᠢᠶᠡᠷᠡᠯ ︵ᠪᠦᠷᠢᠳᠬᠡᠨ ᠳᠠᠩᠰᠠᠯᠠᠬᠤ︶᠂ | ᠬᠥᠳᠡᠯᠮᠦᠷᠢ ᠦᠢᠯᠡᠴᠢᠯᠡᠭᠡ ᠲᠣᠮᠢᠯᠠᠬᠤ ᠳᠦᠷᠢᠮ ᠤᠨ ᠡᠵᠡᠩᠨᠡᠯᠲᠡ ᠶᠢᠨ ᠵᠥᠪᠰᠢᠶᠡᠷᠡᠯ ᠵᠡᠷᠭᠡ 5 ᠵᠦᠢᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠢᠯᠢᠳᠡᠭ ᠢ ᠨᠢ ᠰᠣᠩᠭᠤᠨ ᠭᠠᠷᠭᠠᠵᠤ᠂ ︽ᠲᠠᠩᠰᠠ | ᠡᠪᠬᠡᠮᠡᠯ ᠤᠨ ᠬᠠᠮᠢᠶᠠᠷᠤᠯᠲᠠ ᠶᠢ ᠡᠯᠧᠲᠷᠤᠨᠴᠢᠯᠡᠬᠦ︾ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠬᠠᠶᠢᠨ | ᠰᠢᠯᠭᠠᠭᠰᠠᠨ ᠲᠠᠩᠰᠠ ᠡᠪᠬᠡᠮᠡᠯ ᠢ ᠵᠡᠷᠭᠡ ᠪᠠᠷ ᠳᠡᠭᠡᠭᠰᠢ ᠳᠠᠮᠵᠢᠭᠤᠯᠬᠤ ᠪᠠ ᠨᠥᠭᠡᠴᠡᠯᠡᠬᠦ ᠶᠢ ᠪᠡᠶᠡᠯᠡᠭᠦᠯᠪᠡ᠃ | ︵ᠬᠥᠬᠡᠬᠤᠲᠠ ᠶᠢᠨ ᠵᠠᠰᠠᠭ ᠤᠨ ᠣᠷᠳᠣᠨ︶ | |