ᠳ᠋ᠠ ᠲᠠᠩ ᠬᠥᠬᠡᠬᠤᠲᠠ ᠶᠢᠨ ᠬᠥᠩᠭᠡᠨᠴᠠᠭᠠᠨ ᠴᠠᠬᠢᠯᠭᠠᠨ ᠤ ᠺᠣᠮᠫᠠᠨᠢ ᠶᠢᠨ ᠲᠦᠯᠡᠰᠢᠨ ᠨᠡᠭᠦᠷᠡᠰᠦ ᠶᠢᠨ ᠥᠪᠡᠷᠲᠡᠭᠡᠨ ᠬᠡᠷᠡᠭᠯᠡᠬᠦ ᠴᠠᠬᠢᠯᠭᠠᠨ ᠤ ᠦᠢᠯᠡᠳᠪᠦᠷᠢ ᠶᠢᠨ ᠲᠣᠮᠣ ᠬᠡᠯᠪᠡᠷᠢ ᠶᠢᠨ ᠭᠡᠷᠡᠯ ᠴᠡᠨᠡᠭ ᠤᠨ ᠲᠦᠷᠦᠯ ᠵᠦᠢᠯ ᠲᠣᠣᠷ ᠨᠡᠶᠢᠯᠡᠭᠦᠯᠦᠨ ᠠᠮᠵᠢᠯᠲᠠ ᠲᠠᠢ ᠪᠠᠷ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2024/12/31
    12 ᠳ᠋ᠤᠭᠠᠷ ᠰᠠᠷ᠎ᠠ ᠶᠢᠨ 26 ᠤ ᠡᠳᠦᠷ ᠤᠨ 17 ᠴᠠᠭ 45 ᠮᠢᠨᠦ᠋ᠲ ᠲᠤ᠂ ᠬᠡᠮᠵᠢᠯᠲᠡ ᠶᠢᠨ ᠲᠤᠭ᠎ᠠ ᠬᠡᠮᠵᠢᠭᠳᠡᠯ ᠤᠨ ᠬᠤᠪᠢᠷᠠᠯᠲᠠ ᠶᠢ ᠳᠠᠭᠠᠯᠳᠤᠨ᠂ ᠳ᠋ᠠ ᠲᠠᠩ ᠬᠥᠬᠡᠬᠤᠲᠠ ᠶᠢᠨ ᠬᠥᠩᠭᠡᠨᠴᠠᠭᠠᠨ ᠴᠠᠬᠢᠯᠭᠠᠨ  ᠤ ᠺᠣᠮᠫᠠᠨᠢ ᠶᠢᠨ ᠲᠦᠯᠡᠰᠢᠨ ᠨᠡᠭᠦᠷᠡᠰᠦ ᠶᠢᠨ ᠥᠪᠡᠷᠲᠡᠭᠡᠨ ᠬᠡᠷᠡᠭᠯᠡᠬᠦ ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠣᠷᠣᠯᠠᠭᠤᠯᠬᠤ 360 MW ᠭᠡᠷᠡᠯ ᠴᠡᠨᠡᠭ ᠤᠨ ᠲᠥᠷᠥᠯ ᠵᠦᠢᠯ ᠠᠮᠵᠢᠯᠲᠠ ᠲᠠᠢ ᠪᠠᠷ ᠲᠣᠣᠷ ᠨᠡᠶᠢᠯᠡᠭᠦᠯᠦᠨ ᠴᠠᠬᠢᠯᠭᠠᠨ ᠭᠠᠷᠭᠠᠪᠠ᠃           ᠲᠣᠰ ᠲᠥᠷᠥᠯ ᠵᠦᠢᠯ ᠨᠢ ᠲᠣᠭᠲᠠᠬᠤ ᠰᠢᠶᠠᠨ ᠤ ᠲᠠᠪᠢᠨ ᠭᠡᠷ ᠪᠠᠯᠭᠠᠰᠤᠨ ᠳᠤ ᠪᠠᠶᠢᠷᠢᠯᠠᠵᠤ᠂ ᠭᠤᠣᠯᠳᠠᠭᠤ ᠬᠤᠵᠢᠷᠯᠢᠭ᠂ ᠠᠲᠠᠷ ᠭᠠᠵᠠᠷ ᠢ ᠠᠰᠢᠭᠯᠠᠨ ᠭᠠᠵᠠᠷ ᠤᠨ ᠭᠠᠳᠠᠷᠭᠤ ᠶᠢᠨ ᠬᠡᠷᠡᠯ ᠴᠡᠨᠡᠭ ᠤᠨ ᠪᠦᠲᠦᠭᠡᠨ ᠪᠠᠶᠢᠭᠤᠯᠤᠯᠲᠠ ᠬᠢᠵᠡᠢ᠃ ᠲᠥᠷᠥᠯ ᠵᠦᠢᠯ ᠤᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 360MW᠂ ᠴᠠᠬᠢᠯᠭᠠᠨ ᠭᠠᠷᠭᠠᠬᠤ ᠰᠢᠰᠲ᠋ᠧᠮ ᠳᠤ ᠨᠡᠶᠢᠲᠡ 116 ᠬᠤᠪᠢᠶᠠᠷᠢ ᠵᠢᠭᠰᠠᠭᠠᠯ ᠪᠠᠭᠲᠠᠵᠤ᠂ 220kV ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠴᠢ ᠨᠢᠭᠡ ᠵᠤᠷᠪᠤᠰ 220kV ᠪᠤᠴᠠᠯᠲᠠ ᠶᠢᠨ ᠱᠤᠭᠤᠮ ᠢ ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ ᠲᠣᠰ ᠺᠣᠮᠫᠠᠨᠢ ᠶᠢᠨ ᠥᠪᠡᠷᠲᠡᠭᠡᠨ ᠬᠡᠷᠡᠭᠯᠡᠬᠦ ᠴᠠᠬᠢᠯᠭᠠᠨ ᠤ ᠦᠢᠯᠡᠳᠪᠦᠷᠢ ᠶᠢᠨ 220kV ᠬᠦᠴᠦᠳᠡᠯ ᠥᠭᠡᠷᠡᠴᠢᠯᠡᠬᠦ ᠥᠷᠲᠡᠭᠡᠨ ᠳᠤ ᠰᠢᠭᠤᠳ ᠵᠠᠯᠭᠠᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 7 ᠳ᠋ᠦᠩᠰᠢᠭᠤᠷ ᠺᠢᠯᠣᠸᠠᠲ ᠴᠠᠭ ᠬᠦᠷᠴᠦ᠂ ᠵᠢᠯ ᠪᠦᠷᠢ ᠪᠠᠷᠤᠭ 17 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ 47 ᠲᠦᠮᠡᠨ ᠲᠣᠨ ᠪᠠᠭᠠᠰᠬᠠᠬᠤ ᠪᠣᠯᠣᠨ᠎ᠠ᠃          ᠳᠠᠳᠤᠯᠭ᠎ᠠ ᠶᠢᠨ ᠰᠤᠷᠪᠤᠯᠵᠢᠯᠠᠭᠴᠢ ᠷᠥᠸᠧ ᠭᠦ᠋  ᠴᠢᠮᠡᠭᠡᠯᠡᠭᠴᠢ ᠸᠠᠩ ᠴᠢᠶᠠᠨ  ᠶᠤᠸᠠᠢ ᠬᠤᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号