【ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ】ᠬᠠᠷᠠᠭᠠᠴᠢ︕ ᠠᠳᠡᠬᠢ ᠫᠢᠩᠫᠠᠩ ᠪᠥᠮᠪᠦᠭᠡ ᠶᠢᠨ ᠤᠷᠤᠯᠳᠤᠭᠠᠨ ᠤ ᠢᠯᠴᠢ ᠬᠦᠴᠦᠨ ᠲᠠᠢ ᠪᠠᠷ ᠡᠬᠢᠯᠡᠪᠡ
ᠨᠡᠶᠢᠲᠡᠯᠡᠭᠰᠡᠨ ᠴᠠᠭ᠄
2024/12/4
    ᠣᠯᠠᠨ ᠲᠦᠮᠡᠨ ᠤ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠷᠰᠢ ᠵᠡᠷᠭᠡᠯᠡᠳᠡᠭᠡ ᠲᠠᠢ ᠪᠠᠨ ᠡᠶ᠎ᠡ ᠨᠠᠶᠢᠷᠲᠠᠢ ᠬᠠᠮᠲᠤ ᠣᠷᠣᠰᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠡᠶ᠎ᠡ ᠵᠣᠬᠢᠴᠠᠩᠭᠤᠢ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂  ᠶᠥᠮ ᠤᠨ ᠪᠠᠶᠢᠰᠢᠩ ᠪᠠᠯᠭᠠᠰᠤ ᠬᠤᠲᠣᠩ ᠠᠷᠠᠳ ᠤᠨ ᠲᠣᠭᠤᠷᠢᠭ ᠤᠨ ᠸᠠᠨ ᠳ᠋ᠠ ᠲᠠᠯᠠᠪᠠᠶ ᠳᠤ ︽︿ᠫᠢᠩᠫᠠᠩ ᠪᠥᠮᠪᠦᠭᠡ﹀ ᠶᠢᠨ ᠪᠦᠯᠬᠦᠮᠳᠡᠨ ᠨᠢᠭᠡᠳᠴᠦ ᠦᠨᠳᠦᠰᠦᠲᠡᠨ ᠤ ᠬᠦᠰᠡᠯ  ᠢ ᠬᠠᠮᠲᠤ ᠪᠠᠷ ᠲᠡᠷᠭᠡᠯᠰᠢᠭᠦᠯᠬᠦ︾ ᠫᠢᠩᠫᠠᠩ ᠪᠥᠮᠪᠦᠭᠡ ᠶᠢᠨ ᠤᠷᠤᠯᠳᠤᠭᠠᠨ ᠡᠷᠭᠢᠯᠡᠪᠡ᠃
    ᠤᠷᠤᠯᠳᠤᠭᠠᠨ ᠨᠢ  ᠡᠷᠡᠭᠲᠡᠢ ᠶᠢᠨ ᠬᠤᠪᠢ ᠪᠦᠯᠦᠭ᠂ ᠡᠮᠡᠭᠲᠡᠢ ᠶᠢᠨ ᠬᠤᠪᠢ ᠪᠦᠯᠦᠭ ᠪᠠ ᠡᠷᠡᠭᠲᠡᠢ ᠡᠮᠡᠭᠲᠡᠢ ᠶᠢᠨ ᠬᠤᠣᠰᠯᠠᠯ ᠵᠡᠷᠭᠡ ᠭᠤᠷᠪᠠᠨ ᠶᠡᠭᠡ ᠲᠥᠷᠥᠯ ᠬᠤᠪᠢᠶᠠᠵᠤ᠂ 4 ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠠᠮᠵᠢᠨ ᠂ ᠡᠴᠦᠰ ᠲᠡᠭᠡᠨ 30 ᠭᠠᠷᠤᠢ ᠲᠠᠮᠢᠷᠴᠢᠨ ᠰᠢᠢᠳᠪᠦᠷᠢᠲᠦ ᠤᠷᠤᠯᠳᠤᠭᠠᠨ ᠳᠤ ᠣᠷᠣᠪᠠ᠃
    ᠰᠢᠢᠳᠪᠦᠷᠢᠲᠦ ᠤᠷᠤᠯᠳᠤᠭᠠᠨ ᠤ ᠲᠠᠯᠠᠪᠠᠢ ᠳᠤ᠂ ᠲᠠᠮᠢᠷᠴᠢᠳ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠡᠭᠦᠯᠳᠡᠷ᠂ ᠲᠡᠮᠡᠴᠡᠯ ᠤᠨ ᠵᠣᠷᠢᠭ ᠪᠠᠳᠠᠷᠠᠩᠭᠤᠢ ᠪᠠᠶᠢᠯ᠎ᠠ᠃ ᠲᠡᠳᠡ ᠭᠠᠷ ᠲᠠᠬᠢ ᠪᠥᠮᠪᠥᠭᠡᠨ ᠫᠠᠶᠢᠰᠠ ᠪᠠᠨ ᠬᠤᠷᠤᠶᠢᠯᠠᠨ ᠪᠥᠮᠪᠦᠭᠡ ᠪᠠᠨ ᠡᠬᠢᠯᠡᠭᠦᠯᠵᠦ᠂ ᠪᠥᠮᠪᠦᠭᠡ ᠪᠠᠨ ᠲᠤᠰᠴᠤ᠂ ᠪᠥᠮᠪᠦᠭᠡ ᠪᠠᠨ ᠲᠣᠪᠴᠢᠯᠠᠵᠤ᠂ ᠬᠥᠳᠡᠯᠦᠯ ᠪᠠᠷᠢᠯ ᠨᠢ ᠪᠣᠯᠪᠠᠰᠤᠷᠠᠩᠭᠤᠢ ᠪᠠᠶᠢᠵᠤ᠂ ᠨᠢᠭᠡ ᠯᠡ ᠠᠮᠢᠰᠬᠤᠭ᠎ᠠ ᠪᠠᠷ ᠪᠦᠲᠦᠮᠵᠢᠲᠠᠢ ᠶᠠᠪᠤᠭᠳᠠᠵᠠᠢ᠃ ᠪᠢᠴᠢᠬᠠᠨ ᠫᠢᠩᠫᠠᠩ ᠪᠥᠮᠪᠦᠭᠡ ᠪᠥᠮᠪᠥᠭᠡᠨ ᠰᠢᠷᠡᠭᠡᠨ ᠲᠡᠭᠡᠷ ᠎ᠡ ᠨᠠᠰᠢ ᠴᠠᠰᠢ ᠪᠥᠵᠢᠭᠯᠡᠵᠦ ᠨᠢᠭᠡ ᠭᠤᠶᠤ ᠨᠤᠮᠤᠨ ᠤᠲᠠᠰᠤ ᠭᠠᠷᠭᠠᠪᠠ᠃ ᠦᠵᠡᠭᠴᠢᠳ ᠨᠡᠩ ᠴᠤ ᠲᠠᠰᠤᠷᠠᠯᠲᠠ ᠦᠭᠡᠢ ᠴᠢᠷᠮᠠᠶᠢᠨ ᠬᠠᠰᠬᠢᠷᠴᠤ᠂ ᠬᠡᠢ ᠰᠦᠷ ᠮᠠᠨᠳᠤᠭᠤᠯᠤᠨ᠂ ᠲᠠᠰᠤᠷᠠᠯᠲᠠ ᠦᠭᠡᠢ ︽ᠰᠠᠢᠬᠠᠨ ᠪᠥᠮᠪᠦᠭᠡ︕︾ ᠭᠡᠵᠦ ᠪᠠᠶᠠᠷᠯᠠᠨ ᠬᠠᠰᠬᠢᠷᠤᠯᠳᠤᠬᠤ ᠳᠠᠭᠤᠨ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠤᠯᠵᠤ᠂ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠠ ᠦᠭᠡᠢ  ᠴᠤᠤᠷᠢᠶᠠᠳᠤᠨ᠎ᠠ᠃ ︽ᠪᠢ ᠡᠩ ᠤᠨ ᠦᠶ᠎ᠡ ᠳᠤ ᠫᠢᠩᠫᠠᠩ ᠪᠥᠮᠪᠦᠭᠡ ᠨᠠᠭᠠᠳᠬᠤ ᠳᠤᠷᠠᠲᠠᠢ᠂ ᠡᠨᠡ ᠤᠷᠤᠯᠳᠤᠭᠠᠨ ᠢ ᠪᠠᠯᠭᠠᠰᠤᠨ ᠠᠴᠠ ᠵᠣᠬᠢᠶᠠᠨ ᠪᠠᠶᠢᠭᠤᠯᠬᠤ ᠶᠢ  ᠰᠣᠨᠤᠰᠣᠭᠠᠳ᠂ ᠪᠢ ᠳᠣᠣᠷ᠎ᠠ ᠪᠠᠨ ᠨᠡᠷ᠎ᠡ ᠮᠡᠳᠡᠭᠦᠯᠵᠡᠢ᠂ ᠥᠨᠥᠳᠥᠷ ᠲᠣᠩ ᠤᠷᠮ᠎ᠠ ᠵᠣᠷᠢᠭ  ᠥᠨᠳᠥᠷ ᠪᠣᠯᠵᠠᠢ︕︾ ᠭᠡᠪᠡ᠃ ︽ᠡᠨᠡ ᠬᠦ ᠤᠷᠤᠯᠳᠤᠭᠠᠨ ᠨᠢ ᠪᠢᠳᠡᠨ ᠳᠤ ᠰᠣᠯᠢᠯᠴᠠᠭ᠎ᠠ ᠬᠢᠬᠦ ᠲᠣᠬᠢᠶᠠᠯ ᠬᠠᠩᠭᠠᠵᠤ᠂ ᠪᠠᠰᠠ ᠮᠠᠰᠢ ᠣᠯᠠᠨ ᠰᠡᠳᠬᠢᠯ ᠨᠢᠭᠡᠲᠡᠢ ᠪᠥᠮᠪᠦᠭᠡᠨ ᠤ ᠠᠨᠳᠠ ᠲᠠᠢ ᠪᠣᠯᠪᠠ᠃︾ ᠭᠡᠵᠦ ᠤᠷᠤᠯᠳᠤᠭᠠᠨ ᠳᠤ ᠣᠷᠣᠯᠴᠠᠭᠰᠠᠨ ᠨᠠᠶᠢᠵᠠ ᠨᠠᠷ ᠤᠳ ᠢᠯᠡᠷᠬᠡᠶᠢᠯᠡᠭᠰᠡᠨ ᠪᠠᠶᠢᠨ᠎ᠠ᠃ ᠲᠤᠰ ᠤᠳᠠᠭᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠨᠢ ᠨᠢᠭᠡ ᠤᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠦᠪᠡᠳᠡᠭᠰᠢ ᠨᠠᠶᠢᠷ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠮᠢᠳᠤᠯᠢᠭ ᠦᠢᠯᠡᠳᠦᠯᠭᠡ ᠪᠠᠶᠢᠵᠤ᠂ ᠳᠠᠷᠠᠭᠠᠴᠢ ᠶᠢᠨ ᠠᠯᠬᠤᠮ ᠳᠤ ᠶᠥᠮ ᠤᠨ ᠪᠠᠶᠢᠰᠢᠩ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠡᠯᠪᠡᠭ ᠪᠠᠶᠠᠯᠢᠭ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠪᠣᠯᠣᠨ᠎ᠠ᠃ ︵ᠴᠢᠮᠡᠭᠡᠯᠡᠭᠴᠢ᠄ ᠵᠢᠩ ᠯᠠᠨ︶
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号