ᠬᠤᠲᠣᠩ ᠠᠷᠠᠳ ᠶᠢᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠡᠭᠦᠷ︽ᠦᠨᠳᠦᠰᠦᠨ ᠬᠠᠤᠯᠢ ᠶᠢ ᠬᠥᠳᠡᠭᠡ ᠲᠣᠰᠭᠤᠨ ᠳᠤ ᠣᠷᠣᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/5
    2024 ᠣᠨ ᠤ 12 ᠰᠠᠷ᠎ᠠ ᠶᠢᠨ 4 ᠤ ᠡᠳᠦᠷ ᠪᠣᠯ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠤᠬᠠᠭᠤᠯᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 12 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠲᠣᠩ ᠠᠷᠠᠳ ᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠨᠠᠮ ᠤᠨ ᠡᠳᠦᠷ ᠤᠨ ᠠᠵᠢᠯᠯᠠᠭ᠎ᠠ ᠶᠢᠨ ᠬᠡᠯᠪᠡᠷᠢ ᠪᠠᠷ ᠪᠥᠬᠦ ᠨᠠᠮ ᠤᠨ ᠺᠠᠳ᠋ᠷᠴᠤᠳ ᠢ ᠵᠣᠬᠢᠶᠠᠨ ᠪᠠᠶᠢᠭᠤᠯᠵᠤ ᠵᠡᠭᠦᠨ ᠤᠰᠤᠲᠤ ᠲᠣᠰᠬᠤᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠣᠯᠣᠨ ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠬᠠᠮᠲᠤᠷᠠᠨ ᠡᠷᠭᠢᠯᠡᠭᠰᠡᠨ ︽ᠦᠨᠳᠦᠰᠦᠨ ᠬᠠᠤᠯᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠳᠤ ᠣᠷᠣᠯᠴᠠᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠠᠷ ᠳᠠᠮᠵᠢᠭᠤᠯᠤᠨ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠪᠠ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠠᠤᠯᠢ ᠲᠣᠭᠲᠠᠭᠠᠯ ᠤᠨ ᠭᠠᠵᠠᠷ ᠤᠨ ᠳᠡᠳ᠋ ᠳᠠᠷᠤᠭ᠎ᠠ ᠵᠠᠩ ᠯᠢᠩ ᠷᠦᠢ ᠡᠬᠢᠯᠡᠯᠲᠡ ᠶᠢᠨ ᠦᠭᠡ ᠬᠡᠯᠡᠵᠦ᠂ ᠳᠠᠷᠠᠭ᠎ᠠ ᠨᠢ ᠥᠪᠥᠷ ᠮᠣᠩᠭᠤᠯ ᠤᠨ ᠳ᠋ᠦᠩ ᠿᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ 2 ᠲᠤᠰᠬᠠᠢ ᠲᠤᠰᠢᠶᠠᠯᠲᠤ ᠬᠠᠤᠯᠢᠴᠢ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ᠂ ᠤᠷᠤᠭ ᠭᠡᠷ ᠪᠦᠯᠢ  ᠦᠷᠭᠦᠯᠵᠢᠯᠡᠨ ᠵᠠᠯᠭᠠᠮᠵᠢᠯᠠᠬᠤ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ᠂ ᠲᠡᠳᠡᠨ ᠤ ᠡᠯᠪᠡᠭ ᠪᠠᠶᠠᠯᠢᠭ ᠤᠨᠤᠯ ᠤᠨ ᠮᠡᠳᠡᠯᠭᠡ ᠪᠣᠯᠣᠨ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠲᠤᠷᠰᠢᠯᠭ᠎ᠠ ᠶᠢ ᠬᠡᠷᠡᠭᠯᠡᠵᠦ᠂ ᠨᠠᠮ ᠤᠨ ᠭᠡᠰᠢᠭᠦᠨ ᠺᠠᠳ᠋ᠷ ᠪᠣᠯᠣᠨ ᠲᠣᠰᠬᠤᠨ ᠤ ᠠᠷᠠᠳ ᠲᠤ ᠭᠤᠶᠢᠳᠠ ᠰᠠᠶᠢᠬᠠᠨ ᠲᠠᠶᠢᠯᠤᠮᠵᠢ ᠬᠢᠵᠡᠢ᠃ ᠡᠴᠦᠰ ᠲᠤ ᠲᠠᠶᠢᠯᠤᠮᠵᠢ ᠶᠢᠨ ᠠᠭᠤᠯᠭ᠎ᠠ ᠳᠤ ᠴᠢᠭᠯᠡᠭᠦᠯᠦᠨ ᠱᠠᠩᠨᠠᠯ ᠲᠠᠢ ᠥᠷᠢᠰᠦᠯᠳᠦᠨ ᠬᠠᠷᠢᠭᠤᠯᠬᠤ ᠠᠵᠢᠯᠯᠠᠭ᠎ᠠ ᠥᠷᠨᠢᠭᠦᠯᠵᠦ᠂ ᠣᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠰᠡᠳᠦᠪ ᠰᠣᠨᠣᠰᠴᠤ᠂ ᠢᠳᠡᠪᠬᠢᠲᠡᠢ ᠪᠠᠷ ᠵᠠᠪᠳᠤᠨ ᠬᠠᠷᠢᠭᠤᠯᠵᠤ᠂ ᠬᠠᠷᠢᠭᠤᠯᠲᠠ ᠨᠢ ᠵᠥᠪ ᠪᠣᠯ ᠳᠠᠷᠤᠢ ᠭᠤᠶᠢᠳᠠ ᠰᠠᠶᠢᠬᠠᠨ ᠵᠢᠵᠢᠭ ᠪᠡᠯᠡᠭ ᠣᠯᠵᠤ᠂ ᠲᠤᠬᠠᠢ ᠶᠢᠨ ᠲᠠᠯᠠᠪᠠᠶ ᠶᠢᠨ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠣᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ ᠪᠠᠶᠢᠯ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠪᠠᠰᠠ ᠤᠬᠠᠭᠤᠯᠭ᠎ᠠ ᠶᠢᠨ ᠲᠠᠪᠴᠠᠩ ᠭᠠᠷᠭᠠᠵᠤ᠂ ᠲᠣᠰᠬᠤᠨ ᠤ ᠠᠷᠠᠳ ᠲᠤ ᠣᠯᠠᠨ ᠲᠦᠮᠡᠨ ᠤ ᠠᠮᠢᠳᠤᠷᠠᠯ ᠳᠤ ᠣᠶᠢᠷᠠᠲᠤᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠳᠡᠪᠲᠡᠷ ᠲᠠᠷᠬᠠᠭᠠᠬᠤ ᠶᠢᠨ ᠬᠠᠮᠲᠤ ᠨᠢᠭᠤᠷᠲᠠᠨ ᠲᠠᠶᠢᠯᠪᠤᠷᠢᠯᠠᠵᠤ᠂ ᠣᠯᠠᠨ ᠲᠦᠮᠡᠨ ᠳᠤ ᠦᠨᠳᠦᠰᠦᠨ ᠬᠠᠤᠯᠢ ᠶᠢᠨ ᠠᠷᠠᠳ ᠢᠷᠭᠡᠳ ᠤᠨ ᠡᠷᠬᠡ ᠡᠭᠦᠷᠭᠡ ᠶᠢᠨ ᠲᠤᠬᠠᠢ ᠬᠤᠯᠪᠣᠭᠳᠠᠯ ᠪᠦᠬᠦᠢ ᠪᠠᠲᠤᠯᠠᠭ᠎ᠠ ᠶᠢ ᠨᠠᠩ ᠪᠥᠬᠦ ᠲᠠᠯ᠎ᠠ ᠪᠠᠷ᠂ ᠭᠦᠨᠵᠡᠭᠡᠢ ᠣᠶᠢᠯᠠᠭᠠᠭᠤᠯᠪᠠ᠃     ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠨᠢ ᠺᠠᠳ᠋ᠷ ᠪᠠ ᠣᠯᠠᠨ ᠲᠦᠮᠡᠨ ᠤ ᠦᠨᠳᠦᠰᠦᠨ ᠬᠠᠤᠯᠢ ᠶᠢᠨ ᠲᠤᠬᠠᠢ ᠲᠠᠨᠢᠯᠲᠠ ᠪᠠ ᠣᠶᠢᠯᠠᠭᠠᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠦᠵᠡᠯᠲᠡ ᠪᠠ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ ᠨᠠᠮ ᠤᠨ ᠭᠡᠰᠢᠭᠦᠨ ᠺᠠᠳ᠋ᠷᠴᠤᠳ ᠪᠠᠰᠠ ᠦᠨᠳᠦᠰᠦᠨ ᠬᠠᠤᠯᠢ ᠶᠢ ᠦᠷᠭᠦᠯᠵᠢᠯᠡᠨ ᠰᠤᠷᠤᠯᠴᠠᠵᠤ᠂ ᠦᠨᠳᠦᠰᠦᠨ ᠬᠠᠤᠯᠢ ᠶᠢ ᠬᠦᠨᠳᠦᠳᠬᠡᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠪᠠᠷ ᠤᠯᠠᠮᠵᠢᠯᠠᠭᠳᠠᠭᠰᠠᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠬᠥᠮᠥᠨ ᠤ ᠠᠮᠢᠳᠤᠷᠠᠯ ᠢ ᠵᠢᠯᠤᠭᠤᠳᠴᠤ᠂ ᠠᠵᠢᠯ ᠢ ᠵᠢᠯᠤᠭᠤᠳᠴᠤ᠂ ᠬᠤᠲᠣᠩ ᠠᠷᠠᠳ ᠤᠨ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号