︵ᠰᠤᠷᠪᠤᠯᠵᠢᠯᠠᠭᠴᠢ ᠰᠦᠩ ᠰᠢᠶᠠᠩ ᠬᠤᠸᠠ︶ 2022 ᠣᠨ-2024 ᠣᠨ ᠪᠣᠯᠲᠠᠯ᠎ᠠ᠂ ᠬᠥᠬᠡᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠣᠷᠣᠨ | ᠨᠤᠲᠤᠭ ᠤᠨ ᠲᠥᠷᠥᠯ ᠵᠦᠢᠯ ᠤᠨ ᠵᠠᠷᠤᠳᠠᠯ ᠢ ᠨᠡᠶᠢᠲᠡ 2883.31 ᠲᠦᠮᠡᠨ ᠲᠥᠭᠦᠷᠢᠭ ᠪᠠᠭᠤᠯᠭᠠᠵᠤ᠂ ᠥᠷᠭᠡᠨ | ᠣᠯᠠᠨ ᠵᠠᠯᠠᠭᠤ ᠰᠠᠶᠢᠨ ᠲᠤᠷᠠᠴᠤᠳ ᠤᠨ ᠦᠨᠳᠦᠰᠦᠨ ᠱᠠᠲᠤᠨ ᠳᠤ ᠦᠨᠳᠦᠰᠦᠯᠡᠵᠦ᠂ ᠠᠪᠢᠶᠠᠰ ᠴᠢᠳᠠᠪᠤᠷᠢ ᠪᠠᠨ | ᠪᠠᠳᠠᠷᠠᠭᠤᠯᠬᠤ ᠳᠤ ᠪᠠᠲᠤ ᠪᠠᠬᠢ ᠪᠡᠯᠡ ᠮᠥᠩᠭᠦ ᠶᠢᠨ ᠲᠤᠯᠭᠠᠭᠤᠷᠢᠯᠠᠯ ᠬᠠᠩᠭᠠᠵᠤ᠂ ᠣᠶᠤᠲᠠᠳ ᠤᠨ ᠪᠠᠷᠠᠭᠤᠨ | ᠣᠷᠣᠨ ᠤ ᠲᠥᠯᠥᠪᠯᠡᠭᠡ ᠳᠤ ᠣᠷᠣᠯᠴᠠᠬᠤ ᠳᠤ ᠦᠷᠭᠦᠯᠵᠢᠯᠡᠨ ᠳᠡᠮᠵᠢᠪᠡ᠃ | ᠣᠶᠢᠷ᠎ᠠ ᠶᠢᠨ ᠵᠢᠯ ᠤᠳ ᠲᠤ᠂ ᠬᠤᠲᠠ ᠶᠢᠨ ᠡᠪᠯᠡᠯ ᠤᠨ ᠬᠤᠷᠢᠶ᠎ᠠ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠠᠴᠠ ᠬᠠᠮᠲᠤᠷᠠᠨ ᠵᠣᠬᠢᠶᠠᠨ ᠪᠠᠶᠢᠭᠤᠯᠤᠭᠰᠠᠨ ᠬᠥᠬᠡᠬᠤᠲᠠ ᠶᠢᠨ ᠣᠷᠣᠨ ᠨᠤᠲᠤᠭ ᠤᠨ ᠲᠥᠷᠥᠯ ᠵᠦᠢᠯ | ᠪᠣᠯᠬᠤ ᠣᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ ᠪᠠᠷ ᠦᠢᠯᠡᠴᠢᠯᠡᠬᠦ ᠲᠥᠯᠥᠪᠯᠡᠭᠡ ᠶᠢ | ᠬᠡᠷᠡᠭᠵᠢᠭᠦᠯᠦᠭᠰᠡᠨ ᠦᠷ᠎ᠡ ᠪᠦᠲᠦᠮᠵᠢ ᠢᠯᠡᠳᠲᠡ ᠪᠣᠯᠪᠠ᠃ ᠣᠳᠣᠬᠠᠨ ᠳᠤ᠂ ᠪᠦᠬᠦ ᠬᠤᠲᠠ ᠳᠤ ᠨᠡᠶᠢᠲᠡ 200 | ᠰᠠᠶᠢᠨ ᠳᠤᠷᠠᠴᠤᠳ ᠠᠵᠢᠯᠯᠠᠵᠤ ᠪᠠᠶᠢᠨ᠎ᠠ᠃ ᠬᠡᠷᠡᠭᠵᠢᠭᠦᠯᠬᠦ ᠶᠠᠪᠤᠴᠠ ᠳᠤ᠂ ᠣᠷᠣᠨ ᠤ ᠲᠥᠪ ᠬᠤᠲᠠ ᠶᠢᠨ ᠡᠳ᠋ ᠤᠨ | ᠵᠠᠰᠠᠭ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠭᠦᠯᠦᠨ᠂ ᠵᠠᠷᠤᠳᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠪᠡ᠃ | ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠵᠤ᠂ ᠨᠥᠬᠦᠪᠦᠷᠢ ᠪᠡᠯᠡ ᠮᠥᠩᠭᠦ ᠶᠢ ᠪᠣᠳᠠᠲᠠᠶᠢᠵᠢᠭᠤᠯᠬᠤ ᠶᠢ | ᠪᠠᠲᠤᠯᠠᠬᠤ ᠶᠢᠨ ᠬᠠᠮᠲᠤ᠂ ᠴᠢᠳᠠᠪᠤᠷᠢᠲᠠᠨ ᠢ ᠲᠠᠲᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠣᠷᠣᠨ ᠤ ᠲᠥᠪ ᠤᠨ ᠡᠳ᠋ ᠤᠨ ᠵᠠᠰᠠᠭ ᠪᠡᠯᠡ ᠮᠥᠩᠭᠦ ᠶᠢ | ᠨᠢᠭᠡᠳᠦᠯᠲᠡᠢ ᠲᠥᠯᠥᠪᠯᠡᠬᠦ ᠪᠠᠨ ᠴᠢᠩᠭᠠᠳᠬᠠᠵᠤ᠂ ᠪᠥᠬᠦ ᠬᠤᠲᠠ ᠶᠢᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ | ᠳᠤᠷᠠᠴᠤᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠰᠠᠷ᠎ᠠ ᠪᠦᠷᠢ 2916 ᠲᠥᠭᠦᠷᠢᠭ / | ᠬᠥᠮᠥᠨ ᠠᠴᠠ ᠳᠡᠭᠡᠭᠰᠢᠯᠡᠭᠡᠳ ᠰᠠᠷ᠎ᠠ ᠪᠦᠷᠢ 3450 ᠲᠥᠭᠦᠷᠢᠭ / ᠬᠥᠮᠥᠨ ᠳᠤ ᠬᠦᠷᠭᠡᠵᠦ᠂ ᠪᠠᠷᠠᠭᠤᠨ ᠣᠷᠣᠨ ᠤ | ᠲᠥᠯᠥᠪᠯᠡᠭᠡ ᠶᠢᠨ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠪᠡᠯᠡ ᠮᠥᠩᠭᠦ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠪᠡ᠃ | ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠤᠨ ᠲᠥᠷᠥᠯ ᠵᠦᠢᠯ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠵᠢᠯ ᠤᠨ ᠦᠷ᠎ᠡ ᠪᠦᠲᠦᠮᠵᠢ ᠶᠢ ᠦᠨᠡᠯᠡᠬᠦ ᠵᠢᠴᠢ ᠪᠡᠯᠡ | ᠮᠥᠩᠭᠦ ᠶᠢᠨ ᠬᠢᠨᠠᠯᠲᠠ ᠪᠠᠶᠢᠴᠠᠭᠠᠯᠲᠠ ᠶᠢ ᠰᠠᠶᠢᠲᠤᠷ ᠥᠷᠨᠢᠭᠦᠯᠦᠨ᠂ ᠪᠡᠯᠡ ᠮᠥᠩᠭᠦ ᠶᠢ ᠠᠮᠤᠷ ᠲᠦᠪᠰᠢᠨ ᠪᠥᠭᠡᠳ | ᠥᠨᠳᠥᠷ ᠦᠷ᠎ᠡ ᠪᠦᠲᠦᠮᠵᠢᠲᠡᠶ ᠪᠠᠷ ᠬᠡᠷᠡᠭᠯᠡᠬᠦ ᠶᠢ ᠪᠠᠲᠤᠯᠠᠵᠤ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ | ᠳᠤᠷᠠᠴᠤᠳ ᠤᠨ ᠦᠨᠳᠦᠰᠦᠨ ᠱᠠᠲᠤᠨ ᠳᠤ ᠦᠢᠯᠡᠴᠢᠯᠡᠬᠦ ᠪᠡᠯᠡ ᠮᠥᠩᠭᠦ ᠶᠢᠨ ᠤᠷᠮᠠᠰᠢᠭᠤᠯᠬᠤ ᠪᠠ ᠬᠥᠲᠥᠯᠥᠨ | ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠪᠠ᠃ | |